ᠠᠪᠠᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠢᠨ ᠬᠡᠭᠡᠷ᠎ᠡ ᠶᠢᠨ ᠡᠮ ᠤᠨ ᠮᠠᠲ᠋ᠧᠷᠢᠶᠠᠯ ᠢ ᠬᠤᠯᠠᠭᠠᠶᠢᠯᠠᠨ ᠮᠠᠯᠲᠠᠭᠰᠠᠨ ᠠᠵᠢᠯᠯᠠᠭ᠎ᠠ ᠳᠤ ᠥᠴᠦᠬᠡᠨ ᠴᠦ ᠢᠯᠳᠠᠷ ᠬᠠᠶᠠᠬᠤ ᠥᠬᠡᠶ ᠪᠠᠷ ᠬᠦᠴᠦᠲᠡᠶ ᠴᠣᠬᠢᠯᠲᠠ ᠥᠭᠪᠡ
ᠨᠡᠶᠢᠲᠡᠯᠡᠭᠰᠡᠨ ᠴᠠᠭ᠄
2024/9/12
      ᠰᠢᠯᠢ ᠶᠢᠨ ᠭᠤᠤᠯ ᠠᠶᠢᠮᠠᠭ ᠤᠨ ᠬᠢᠯᠢ ᠳᠣᠲᠣᠷᠠᠬᠢ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠤᠨ ᠡᠬᠢ ᠪᠠᠶᠠᠯᠢᠭ ᠢ ᠪᠦᠲᠦᠮᠵᠢᠲᠡᠶ ᠬᠠᠮᠠᠭᠠᠯᠠᠵᠤ᠂ ᠬᠡᠭᠡᠷ᠎ᠡ ᠶᠢᠨ ᠤᠷᠭᠤᠮᠠᠯ ᠤᠨ ᠡᠬᠢ ᠪᠠᠶᠠᠯᠢᠭ ᠢ ᠮᠠᠯᠲᠠᠬᠤ᠂ ᠬᠤᠳᠠᠯᠳᠤᠨ ᠠᠪᠬᠤ᠂ ᠲᠡᠭᠡᠭᠡᠪᠦᠷᠢᠯᠡᠬᠦ᠂ ᠬᠤᠳᠠᠯᠳᠤᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ︽ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠡᠷᠬᠡ ᠣᠯᠭᠤᠵᠤ ᠣᠶ ᠰᠢᠭᠤᠶ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠡᠷᠬᠡ ᠶᠢ ᠬᠡᠷᠡᠭᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠨᠠᠩ ᠰᠠᠶᠢᠲᠤᠷ ᠨᠠᠶᠢᠳᠠᠪᠤᠷᠢᠵᠢᠭᠤᠯᠬᠤ ᠶᠢᠨ ᠲᠤᠰᠠᠳᠠ᠂ ᠠᠪᠠᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠢ ᠠᠬᠤᠢ ᠣᠷᠴᠢᠨ ᠲᠣᠭᠤᠷᠢᠨ ᠢᠳᠡᠭᠡᠨ ᠡᠮ ᠤᠨ ᠵᠦᠢᠯ ᠤᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠶᠡᠭᠡ ᠠᠩᠭᠢ ᠶᠢᠨ ᠬᠢᠨ ᠬᠡᠭᠡᠷ᠎ᠡ ᠶᠢᠨ ᠤᠷᠭᠤᠮᠠᠯ ᠤᠨ ᠡᠬᠢ ᠪᠠᠶᠠᠯᠢᠭ ᠢ ᠬᠠᠤᠯᠢ ᠪᠤᠰᠤ ᠪᠠᠷ ᠮᠠᠯᠲᠠᠬᠤ᠂ ᠠᠷᠠᠯᠵᠢᠶᠠᠯᠠᠬᠤ ᠵᠡᠷᠭᠡ ᠡᠪᠳᠡᠬᠦ ᠠᠵᠢᠯᠯᠠᠭ᠎ᠠ ᠶᠢ ᠡᠷᠡᠰ ᠬᠤᠷᠢᠭᠯᠠᠪᠠ᠃ ᠣᠶᠢᠷ᠎ᠠ ᠳᠤ᠂ ᠬᠡᠭᠡᠷ᠎ᠡ ᠶᠢᠨ ᠡᠮ ᠤᠨ ᠮᠠᠲ᠋ᠧᠷᠢᠶᠠᠯ ᠢ ᠬᠤᠯᠠᠭᠠᠶᠢᠯᠠᠨ ᠮᠠᠯᠲᠠᠭᠰᠠᠨ 2 ᠬᠡᠷᠡᠭ ᠢ ᠢᠯᠡᠷᠡᠭᠦᠯᠵᠦ᠂ ︽ᠵᠣᠨ ᠤ ᠤᠯᠠᠷᠢᠯ ᠤᠨ ᠠᠵᠢᠯᠯᠠᠭ᠎ᠠ︾ ᠶᠢᠨ ᠦᠷ᠎ᠡ ᠪᠦᠲᠦᠮᠵᠢ ᠳᠤ ᠳᠠᠬᠢᠨᠲᠠ ᠠᠮᠵᠢᠯᠲᠠ ᠨᠡᠮᠡᠵᠦ᠂ ᠪᠥᠬᠦ ᠬᠤᠰᠢᠭᠤᠨ ᠤ ᠠᠮᠢ ᠠᠬᠤᠶ ᠶᠢᠨ ᠡᠬᠢ ᠪᠠᠶᠠᠯᠢᠭ ᠤᠨ ᠠᠮᠤᠷ ᠲᠦᠪᠰᠢᠨ ᠢ ᠪᠦᠲᠦᠮᠵᠢᠲᠡᠶ ᠬᠠᠮᠠᠭᠠᠯᠠᠪᠠ᠃
c3116b76c9494922d3648196e83162d.jpg
      ᠠᠪᠠᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠬᠤ ᠶᠢ ᠢᠮᠠᠭᠲᠠ ᠪᠠᠷᠢᠮᠲᠠᠯᠠᠵᠤ᠂ ᠠᠮᠢ ᠠᠬᠤᠢ ᠶᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠰᠠᠭᠤᠷᠢ ᠶᠢ ᠪᠠᠲᠤᠳᠬᠠᠪᠠ᠃ ᠠᠷᠠᠳ ᠤᠨ ᠴᠠᠭᠳᠠᠭ᠎ᠠ + ᠴᠠᠭᠳᠠᠭᠠᠨ ᠤ ᠶᠠᠪᠤᠳᠠᠯ ᠤᠨ ᠲᠤᠰᠠᠯᠠᠭᠴᠢ + ᠠᠮᠢ ᠠᠬᠤᠶ ᠶᠢᠨ ᠵᠢᠷᠤᠮ ᠤᠨ ᠴᠠᠭᠳᠠᠭ᠎ᠠ ᠶᠢᠨ ᠬᠦᠴᠦᠨ ᠢᠶᠠᠷ᠂ ︽ᠴᠠᠭᠳᠠᠭ᠎ᠠ + N︾ ᠠᠵᠢᠯ ᠤᠨ ᠰᠢᠨ᠎ᠡ ᠵᠠᠭᠪᠤᠷ ᠢ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ᠂ ᠰᠤᠷᠭᠠᠭᠤᠯᠢ᠂ ᠠᠵᠤ ᠠᠬᠤᠶᠢᠯᠠᠯ᠂ ᠨᠡᠶᠢᠭᠡᠮ ᠲᠣᠭᠤᠷᠢᠭ ᠢ ᠠᠮᠢ ᠠᠬᠤᠶ ᠶᠢᠨ ᠴᠠᠭᠳᠠᠭᠠᠨ ᠤ ᠶᠠᠪᠤᠳᠠᠯ ᠤᠨ ᠤᠬᠠᠭᠤᠯᠭ᠎ᠠ ᠶᠢᠨ ᠴᠢᠬᠤᠯᠠ ᠵᠢᠭᠰᠠᠭᠠᠯ ᠤᠨ ᠭᠠᠵᠠᠷ ᠪᠣᠯᠭᠠᠪᠠ᠃ 7 ᠰᠠᠷ᠎ᠠ ᠶᠢᠨ 28 ᠤ ᠡᠳᠦᠷ᠂ ᠠᠪᠠᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠤᠩᠭᠤᠷᠭᠤᠣᠯ ᠪᠠᠯᠭᠠᠰᠤᠨ ᠤ ᠬᠢᠯᠢ ᠶᠢᠨ ᠲᠣᠮᠢᠯᠠᠭᠰᠠᠨ ᠰᠠᠯᠪᠤᠷᠢ ᠲᠠᠢ ᠬᠠᠮᠲᠤᠷᠠᠨ ︽2024 ᠣᠨ ᠴᠡᠴᠡᠭᠯᠡᠨ ᠠᠷᠢᠯᠭᠠᠬᠤ ᠠᠵᠢᠯᠯᠠᠭ᠎ᠠ︾ ᠶᠢᠨ ᠤᠬᠠᠭᠤᠯᠤᠨ ᠰᠡᠷᠭᠡᠶᠢᠯᠡᠬᠦ ᠠᠵᠢᠯᠯᠠᠭ᠎ᠠ ᠥᠷᠨᠢᠭᠦᠯᠵᠦ᠂ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠤᠯᠢ ᠪᠤᠰᠤ ᠠᠷᠠᠯᠵᠢᠶᠠᠨ ᠤ ᠠᠵᠢᠯᠯᠠᠭ᠎ᠠ ᠳᠤ ᠪᠦᠲᠦᠮᠵᠢᠲᠡᠶ ᠴᠣᠬᠢᠯᠲᠠ ᠥᠭᠬᠦ ᠶᠢᠨ ᠲᠥᠯᠥᠭᠡ ᠬᠠᠮᠲᠤ ᠪᠠᠷ ᠬᠦᠴᠦᠯᠡᠵᠦ᠂ ︽ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ︾ ᠪᠠᠷ ᠠᠮᠢ ᠠᠬᠤᠶ ᠶᠢᠨ ᠬᠠᠮᠠᠭᠠᠯᠠᠯᠲᠠ ᠶᠢ ᠳᠥᠯᠭᠢᠨ ᠠᠬᠢᠭᠤᠯᠪᠠ᠃ ᠡᠷᠦᠬᠡ ᠳᠤ ᠣᠷᠣᠵᠤ ᠤᠬᠠᠭᠤᠯᠬᠤ ᠶᠠᠪᠤᠴᠠ ᠳᠤ᠂ ᠭᠠᠩᠭᠠᠨᠰᠢᠯᠢ ᠭᠠᠴᠠᠭᠠᠨ ᠤ ᠮᠠᠯᠴᠢᠳ ᠵᠠᠷᠢᠮ ᠬᠥᠮᠥᠨ ᠨᠡᠶᠢᠲᠡ ᠶᠢᠨ ᠪᠡᠯᠴᠢᠭᠡᠷ ᠲᠤ ᠬᠡᠭᠡᠷ᠎ᠡ ᠶᠢᠨ ᠤᠷᠭᠤᠮᠠᠯ ᠮᠠᠯᠲᠠᠵᠤ ᠪᠠᠶᠢᠨ᠎ᠠ ᠭᠡᠵᠦ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ᠂ ᠠᠷᠠᠳ ᠤᠨ ᠴᠠᠭᠳᠠᠭ᠎ᠠ ᠦᠳᠲᠡᠷ ᠲᠦᠷᠭᠡᠨ ᠢᠶᠠᠷ ᠲᠤᠬᠠᠢ ᠶᠢᠨ ᠭᠠᠵᠠᠷ ᠲᠤ ᠬᠦᠷᠴᠦ ᠵᠢᠭᠰᠠᠭᠠᠨ ᠪᠠᠶᠢᠴᠠᠭᠠᠬᠤ ᠠᠵᠢᠯ ᠥᠷᠨᠢᠭᠦᠯᠵᠦ᠂ ︽ᠰᠢᠪᠲᠤᠯᠤᠨ ᠳᠠᠭᠠᠷᠢᠬᠤ ᠮᠠᠶ᠋ᠢᠭ︾ ᠤᠨ ᠪᠦᠬᠦ ᠲᠠᠯ᠎ᠠ ᠶᠢᠨ ᠲᠣᠭᠤᠷᠢᠨ ᠪᠠᠶᠢᠴᠠᠭᠠᠬᠤ ᠠᠷᠭ᠎ᠠ ᠪᠠᠷ ᠬᠠᠤᠯᠢ ᠠᠴᠠ ᠵᠥᠷᠢᠴᠡᠭᠰᠡᠨ 2 ᠬᠥᠮᠦᠨ ᠢ ᠲᠤᠬᠠᠶ ᠶᠢᠨ ᠲᠠᠯᠠᠪᠤᠷ ᠲᠤ ᠪᠠᠷᠢᠪᠴᠢᠯᠠᠵᠤ᠂ 15 ᠵᠢᠩ ᠬᠡᠭᠡᠷ᠎ᠡ ᠶᠢᠨ ᠡᠮ ᠤᠨ ᠮᠠᠲ᠋ᠧᠷᠢᠶᠠᠯ᠂ ᠬᠡᠷᠡᠭ ᠤᠨ ᠪᠠᠭᠠᠵᠢ ᠶᠢ ᠲᠤᠬᠠᠶ ᠶᠢᠨ ᠲᠠᠯᠠᠪᠤᠷ ᠲᠤ ᠨᠢ ᠬᠤᠷᠢᠶᠠᠮᠵᠢᠯᠠᠵᠤ᠂ ᠬᠠᠤᠯᠢ ᠠᠴᠠ ᠵᠥᠷᠢᠴᠡᠭᠰᠡᠨ 1 ᠬᠥᠮᠦᠨ ᠮᠣᠲ᠋ᠣᠷ ᠤᠨᠤᠵᠤ ᠳᠤᠲᠠᠭᠠᠭᠠᠳ᠂ ᠬᠠᠤᠯᠢ ᠴᠠᠭᠠᠵᠠ ᠶᠢᠨ ᠰᠦᠷᠳᠡᠭᠦᠯᠦᠯ ᠪᠠ ᠬᠦᠯᠢᠴᠡᠩᠭᠦᠶ ᠢᠳᠬᠠᠯ ᠳᠣᠣᠷ᠎ᠠ᠂ 8 ᠰᠠᠷ᠎ᠠ ᠶᠢᠨ 9 ᠤ ᠡᠳᠦᠷ ᠰᠠᠨᠠᠭᠠᠴᠢᠯᠠᠭ᠎ᠠ ᠠᠴᠠ ᠪᠠᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠦᠷᠴᠦ ᠪᠡᠶ᠎ᠡ ᠪᠠᠨ ᠲᠤᠰᠢᠶᠠᠵᠠᠶ᠃ ᠸᠠᠩ ᠣᠪᠣᠭᠲᠤ ᠵᠡᠷᠭᠡ ᠭᠤᠷᠪᠠᠨ ᠬᠥᠮᠦᠨ ᠬᠡᠭᠡᠷ᠎ᠡ ᠶᠢᠨ ᠡᠮ ᠤᠨ ᠮᠠᠲ᠋ᠧᠷᠢᠶᠠᠯ ᠢ ᠬᠤᠯᠠᠭᠠᠶᠢᠯᠠᠨ ᠮᠠᠯᠲᠠᠭᠰᠠᠨ ᠠᠵᠢᠯᠯᠠᠭ᠎ᠠ ᠪᠠᠨ ᠥᠴᠢᠭᠯᠡᠨ ᠮᠡᠳᠡᠷᠡᠵᠡᠶ᠃ ᠠᠪᠠᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ᠬᠠᠤᠯᠢ ᠶᠢ ᠵᠥᠷᠢᠴᠡᠭᠰᠡᠨ 3 ᠦᠢᠯᠡ ᠠᠵᠢᠯᠯᠠᠭᠠᠲᠤ ᠬᠥᠮᠦᠨ ᠳᠤ ᠵᠠᠰᠠᠭ ᠵᠠᠬᠢᠷᠭᠠᠨ ᠤ ᠲᠦᠷ ᠬᠤᠷᠢᠬᠤ ᠠᠷᠭ᠎ᠠ ᠬᠡᠮᠵᠢᠶ᠎ᠡ ᠠᠪᠴᠤ᠂ ᠬᠡᠷᠡᠭ ᠢ ᠤᠯᠠᠮ ᠨᠢᠭᠡ ᠠᠯᠬᠤᠮ ᠳᠡᠩᠨᠡᠨ ᠰᠢᠢᠳᠪᠦᠷᠢᠯᠡᠵᠦ ᠪᠠᠶᠢᠨ᠎ᠠ᠃      ᠠᠷᠠᠳ ᠤᠨ ᠴᠠᠭᠳᠠᠭ᠎ᠠ ᠠᠴᠠ ᠬᠠᠤᠯᠢ ᠶᠢ ᠵᠥᠷᠢᠴᠡᠭᠰᠡᠨ ᠶᠠᠯᠠᠲᠤ ᠬᠡᠷᠡᠭ ᠤᠨ ᠰᠦᠪᠡᠭᠴᠢ ᠶᠢ ᠢᠳᠡᠪᠬᠢᠲᠡᠶ ᠪᠠᠷ ᠢᠯᠡᠴᠢᠯᠡᠨ ᠮᠡᠳᠡᠭᠦᠯᠬᠦ ᠶᠢ ᠤᠷᠢᠶᠠᠯᠠᠵᠤ ᠪᠠᠶᠢᠨ᠎ᠠ᠂ ᠬᠡᠷᠪᠡ ᠳᠣᠤᠷᠠᠬᠢ ᠪᠠᠶᠢᠳᠠᠯ ᠳᠤ ᠲᠤᠯᠭᠠᠷᠠᠪᠠᠯ ᠴᠠᠭ ᠲᠤᠬᠠᠶ ᠳᠤ ᠨᠢ 110 ᠴᠠᠭᠳᠠᠭ᠎ᠠ ᠳᠤ ᠮᠡᠳᠡᠭᠦᠯᠬᠦ ᠤᠲᠠᠰᠤ ᠶᠢ ᠤᠲᠠᠰᠤᠳᠠᠵᠤ ᠢᠯᠡᠴᠢᠯᠡᠨ ᠮᠡᠳᠡᠭᠦᠯᠵᠦ ᠪᠣᠯᠣᠨ᠎ᠠ᠄       ︵ᠨᠢᠭᠡ︶ ᠱᠦᠷᠭᠦᠭᠡᠨ᠎ᠡ᠂ ᠴᠠᠨ᠎ᠠ ᠴᠡᠴᠡᠭ᠂ ᠴᠠᠭᠠᠨ ᠰᠣᠷᠭᠤᠭ ᠬᠠᠯᠢᠰᠤ ᠵᠡᠷᠭᠡ ᠶᠢ ᠬᠠᠤᠯᠢ ᠪᠤᠰᠤ ᠪᠠᠷ ᠮᠠᠯᠲᠠᠬᠤ ᠵᠡᠷᠭᠡ ᠨᠤᠲᠤᠭ ᠪᠡᠯᠴᠢᠭᠡᠷ ᠤᠨ ᠬᠡᠭᠡᠷ᠎ᠡ ᠶᠢᠨ ᠡᠮ ᠳᠤ ᠣᠷᠣᠬᠤ  ᠤᠷᠭᠤᠮᠠᠯ ᠢ ᠡᠪᠳᠡᠭᠰᠡᠨ ᠬᠠᠤᠯᠢ ᠠᠴᠠ ᠵᠥᠷᠢᠴᠡᠭᠰᠡᠨ ᠠᠵᠢᠯᠯᠠᠭ᠎ᠠ︔       ︵ᠬᠤᠶᠠᠷ︶ ᠤᠯᠤᠰ ᠤᠨ ᠭᠤᠣᠯᠳᠠᠯᠭ᠎ᠠ ᠲᠠᠢ ᠬᠠᠮᠠᠭᠠᠯᠠᠯᠲᠠ ᠳᠤ ᠪᠠᠶᠢᠭ᠎ᠠ ᠬᠡᠭᠡᠷ᠎ᠡ ᠶᠢᠨ ᠤᠷᠭᠤᠮᠠᠯ ᠢ ᠬᠠᠤᠯᠢ ᠪᠤᠰᠤ ᠪᠠᠷ ᠴᠤᠭᠯᠠᠭᠤᠯᠤᠭᠰᠠᠨ᠂ ᠬᠤᠳᠠᠯᠳᠤᠨ ᠠᠪᠤᠭᠰᠠᠨ᠂ ᠵᠥᠭᠡᠭᠡᠪᠦᠷᠢᠯᠡᠭᠰᠡᠨ᠂ ᠪᠣᠯᠪᠠᠰᠤᠷᠠᠭᠤᠯᠤᠭᠰᠠᠨ᠂ ᠬᠤᠳᠠᠯᠳᠤᠭᠰᠠᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ︔       ︵ᠭᠤᠷᠪᠠ︶ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ᠂ ᠬᠤᠳᠠᠯᠳᠤᠨ ᠠᠪᠬᠤ ᠵᠥᠪᠰᠢᠶᠡᠷᠡᠯ ᠤᠨ ᠦᠨᠡᠮᠯᠡᠯ ᠣᠯᠤᠭᠰᠠᠨ ᠤᠢᠭᠡᠢ ᠪᠤᠶᠤ ᠲᠡᠭᠦᠵᠦ ᠴᠤᠭᠯᠠᠭᠤᠯᠬᠤ᠂ ᠬᠤᠳᠠᠯᠳᠤᠨ ᠠᠪᠬᠤ ᠵᠥᠪᠰᠢᠶᠡᠷᠡᠯ ᠤᠨ ᠦᠨᠡᠮᠯᠡᠯ ᠤᠨ ᠲᠣᠭᠲᠠᠭᠠᠯ ᠶᠣᠰᠣᠭᠠᠷ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠤᠭᠰᠠᠨ᠂ ᠬᠤᠳᠠᠯᠳᠤᠨ ᠠᠪᠤᠭᠰᠠᠨ ᠬᠠᠤᠯᠢ ᠠᠴᠠ ᠵᠥᠷᠢᠴᠡᠭᠰᠡᠨ ᠠᠵᠢᠯᠯᠠᠭ᠎ᠠ︔       ︵ᠲᠦᠷᠪᠡ︶ ᠮᠠᠯᠲᠠᠬᠤ ᠶᠢ ᠴᠠᠭᠠᠵᠠᠯᠠᠬᠤ ᠬᠤᠭᠤᠴᠠᠭᠠᠨ ᠳᠤ ᠪᠤᠶᠤ ᠮᠠᠯᠲᠠᠬᠤ ᠶᠢ ᠴᠠᠭᠠᠵᠠᠯᠠᠬᠤ ᠣᠷᠣᠨ ᠤ ᠳᠣᠲᠣᠷ᠎ᠠ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ᠂ ᠴᠦᠯ᠂ ᠬᠠᠭᠠᠰ ᠴᠦᠯ᠂ ᠬᠦᠨᠳᠦ ᠨᠣᠴᠢᠲᠠᠶ ᠮᠠᠭᠤᠳᠠᠭᠰᠠᠨ᠂ ᠡᠯᠡᠰᠦᠵᠢᠭᠰᠡᠨ᠂ ᠬᠤᠵᠢᠷᠰᠢᠭᠰᠠᠨ᠂ ᠴᠦᠯᠡᠷᠭᠡᠭᠵᠢᠭᠰᠡᠨ ᠪᠠ ᠬᠥᠷᠥᠰᠥ ᠰᠢᠷᠣᠶ ᠢᠳᠡᠭᠳᠡᠭᠰᠡᠨ ᠨᠤᠲᠤᠭ ᠪᠡᠯᠴᠢᠭᠡᠷ ᠵᠢᠴᠢ ᠠᠮᠢ ᠠᠬᠤᠶ ᠬᠡᠪᠡᠷᠡᠭ ᠣᠷᠣᠨ ᠤ ᠨᠤᠲᠤᠭ ᠪᠡᠯᠴᠢᠭᠡᠷ ᠳᠡᠭᠡᠷ᠎ᠡ ᠠᠴᠠ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ ᠬᠠᠤᠯᠢ ᠶᠢ ᠵᠥᠷᠢᠴᠡᠭᠰᠡᠨ ᠠᠵᠢᠯᠯᠠᠭ᠎ᠠ︔       ︵ᠲᠠᠪᠤ︶ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ ᠳᠠᠭᠠᠨ ᠮᠠᠯᠲᠠᠵᠤ ᠭᠠᠷᠭᠠᠭᠰᠠᠨ ᠨᠤᠲᠤᠭ ᠪᠡᠯᠴᠢᠭᠡᠷ ᠢᠶᠠᠨ ᠴᠠᠭ ᠲᠤᠬᠠᠶ ᠳᠤᠨᠢ ᠡᠭᠡᠭᠦᠯᠦᠨ ᠪᠥᠭᠯᠡᠭᠰᠡᠨ ᠤᠢᠭᠡᠢ ᠬᠠᠤᠯᠢ ᠶᠢ ᠵᠥᠷᠢᠴᠡᠭᠰᠡᠨ ᠠᠵᠢᠯᠯᠠᠭ᠎ᠠ︔       ︵ᠵᠢᠷᠭᠤᠭ᠎ᠠ︶ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ ᠦᠨᠡᠮᠯᠡᠯ ᠪᠤᠶᠤ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠬᠤᠳᠠᠯᠳᠤᠨ ᠠᠪᠬᠤ ᠵᠥᠪᠰᠢᠶᠡᠷᠡᠯ ᠤᠨ ᠲᠣᠭᠲᠠᠭᠠᠯ ᠢ ᠬᠠᠭᠤᠷᠮᠠᠭᠯᠠᠨ ᠵᠣᠬᠢᠶᠠᠬᠤ᠂ ᠪᠠᠯᠠᠯᠤᠨ ᠵᠠᠰᠠᠬᠤ᠂ ᠰᠢᠯᠵᠢᠭᠦᠯᠦᠨ ᠥᠭᠬᠦ᠂ ᠰᠠᠷᠢᠭᠠᠯᠠᠬᠤ᠂ ᠲᠦᠷᠢᠶᠡᠰᠦᠯᠡᠭᠦᠯᠬᠦ᠂ ᠵᠢᠭᠡᠯᠡᠭᠦᠯᠬᠦ ᠬᠠᠤᠯᠢ ᠶᠢ ᠵᠥᠷᠢᠴᠡᠭᠰᠡᠨ ᠠᠵᠢᠯᠯᠠᠭ᠎ᠠ︔       ︵ᠲᠤᠯᠤᠭ᠎ᠠ︶ ᠣᠭᠲᠣᠯᠬᠤ᠂ ᠡᠮ ᠲᠡᠭᠦᠬᠦ ᠵᠡᠷᠭᠡ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠡᠭᠡᠷ᠎ᠡ ᠶᠢᠨ ᠤᠷᠭᠤᠮᠠᠯ ᠤᠨ ᠡᠬᠢ ᠪᠠᠶᠠᠯᠢᠭ ᠢ ᠡᠪᠳᠡᠭᠰᠡᠨ ᠬᠠᠤᠯᠢ ᠠᠴᠠ ᠵᠥᠷᠢᠴᠡᠭᠰᠡᠨ ᠠᠵᠢᠯᠯᠠᠭ᠎ᠠ︔       ︵ᠨᠠᠢᠮᠠ︶ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠮᠠᠯᠲᠠᠬᠤ᠂ ᠬᠤᠳᠠᠯᠳᠤᠨ ᠠᠪᠬᠤ᠂ ᠵᠥᠭᠡᠭᠡᠪᠦᠷᠢᠯᠡᠬᠦ᠂ ᠪᠣᠯᠪᠠᠰᠤᠷᠠᠭᠤᠯᠬᠤ᠂ ᠬᠤᠳᠠᠯᠳᠤᠬᠤ ᠶᠢ ᠵᠣᠬᠢᠶᠠᠨ  ᠪᠠᠶᠢᠭᠤᠯᠤᠭᠰᠠᠨ ᠡᠪᠰᠡᠯ ᠪᠦᠯᠦᠭ ᠤᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ︔       ︵ᠶᠢᠰᠦ︶ ᠬᠡᠭᠡᠷ᠎ᠡ ᠶᠢᠨ ᠤᠷᠭᠤᠮᠠᠯ ᠤᠨ ᠡᠬᠢ ᠪᠠᠶᠠᠯᠢᠭ ᠢ ᠡᠪᠳᠡᠭᠰᠡᠨ ᠬᠠᠤᠯᠢ ᠠᠴᠠ ᠵᠥᠷᠢᠴᠡᠭᠰᠡᠨ ᠪᠤᠰᠤᠳ ᠶᠠᠯᠠᠲᠤ ᠠᠵᠢᠯᠯᠠᠭ᠎ᠠ᠃ 
ᠢᠷᠡᠯᠲᠡ᠄ ᠰᠢᠯᠢ ᠶᠢᠨ ᠭᠣᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ