8 ᠳ᠋ᠤᠭᠠᠷ ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ | ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠶᠢᠨ ᠱᠦᠵᠢ᠂ ᠲᠢᠩᠬᠢᠮ ᠤᠨ ᠳᠠᠷᠤᠭ᠎ᠠ ᠵᠧᠩ ᠭᠤᠸᠠᠩ ᠵᠣᠣ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ | ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠲᠦᠩ ᠳ᠋ᠤᠤ ᠵᠡᠭᠡᠯᠢ ᠶᠢᠨ ᠲᠣᠮᠢᠯᠠᠭᠰᠠᠨ ᠰᠠᠯᠪᠤᠷᠢ ᠳᠤ ᠬᠦᠷᠴᠦ᠂ ᠦᠨᠳᠦᠰᠦᠨ ᠱᠠᠲᠤᠨ ᠤ ᠨᠢᠭᠡᠳᠦᠭᠡᠷ | ᠹᠷᠣᠨᠲ ᠤᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠳᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ | ᠬᠤᠷᠠᠯ ᠪᠠ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ | ᠲᠠᠶᠢᠯᠪᠤᠷᠢᠯᠠᠪᠠ᠃ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠠᠮᠤᠷ ᠢ ᠬᠠᠮᠠᠭᠠᠯᠠᠬᠤ ᠶᠡᠷᠦᠩᠬᠡᠢ ᠠᠩᠬᠢ᠂ ᠰᠤᠳᠤᠯᠬᠤ ᠲᠠᠰᠤᠭ᠂ | ᠰᠣᠨᠢᠨ ᠮᠡᠳᠡᠭᠡ ᠤᠬᠠᠭᠤᠯᠬᠤ ᠭᠠᠵᠠᠷ᠂ ᠪᠠᠶᠢᠭᠤᠯᠭ᠎ᠠ ᠶᠢᠨ ᠨᠠᠮ ᠤᠨ ᠬᠤᠷᠢᠶ᠎ᠠ ᠶᠢᠨ ᠬᠠᠷᠢᠭᠤᠴᠠᠯᠭᠠᠲᠠᠨ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ | ᠵᠢᠴᠢ ᠬᠤᠲᠣᠩ ᠠᠷᠠᠳ ᠤᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ᠂ ᠲᠦᠩ ᠳ᠋ᠤᠤ | ᠵᠡᠭᠡᠯᠢ ᠶᠢᠨ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠷ ᠲᠤᠬᠠᠢ ᠶᠢᠨ ᠲᠠᠯᠠᠪᠠᠢ ᠳᠤ ᠤᠬᠠᠭᠤᠯᠤᠨ ᠲᠠᠶᠢᠯᠪᠤᠷᠢᠯᠠᠬᠤ ᠶᠢ | ᠰᠣᠨᠣᠰᠴᠠᠢ᠃ | | | | ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠲᠣᠩ ᠠᠷᠠᠳ ᠤᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ | ᠲᠦᠩ ᠳ᠋ᠤᠤ ᠵᠡᠭᠡᠯᠢ ᠶᠢᠨ ᠲᠣᠮᠢᠯᠠᠭᠰᠠᠨ ᠰᠠᠯᠪᠤᠷᠢ ᠲᠤᠰ ᠲᠤᠰ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠵᠢᠴᠢ ᠳᠠᠷᠠᠭᠠᠴᠢ ᠶᠢᠨ | ᠠᠯᠬᠤᠮ ᠤᠨ ᠠᠵᠢᠯ ᠤᠨ ᠲᠣᠬᠢᠷᠠᠭᠤᠯᠤᠯᠲᠠ ᠶᠢᠨ ᠲᠤᠬᠠᠶ ᠬᠠᠷᠢᠭᠤ ᠮᠡᠳᠡᠭᠦᠯᠦᠯᠲᠡ ᠬᠢᠵᠦ ᠶᠠᠷᠢᠶ᠎ᠠ ᠲᠠᠯᠪᠢᠵᠤ᠂ ᠵᠧᠩ ᠭᠤᠸᠠᠩ ᠵᠣᠣ ᠡᠮᠦᠨᠡᠬᠢ ᠬᠤᠭᠤᠴᠠᠭᠠᠨ ᠤ | ᠰᠤᠷᠤᠯᠴᠠᠨ ᠲᠤᠭᠤᠰᠢᠯᠠᠭᠤᠯᠬᠤ ᠠᠵᠢᠯ ᠢ ᠨᠤᠲᠠᠯᠠᠵᠤ᠂ ᠤᠳᠤ ᠶᠢᠨ ᠰᠤᠷᠤᠯᠴᠠᠯᠭ᠎ᠠ ᠪᠣᠯ ᠵᠥᠪᠬᠡᠨ ᠠᠩᠬ᠎ᠠ ᠠᠯᠬᠤᠮ ᠤᠨ ᠬᠢ ᠶᠤᠮ᠂ ᠦᠨᠡᠨ ᠬᠦ ᠬᠢᠵᠦ ᠦᠷ᠎ᠡ | ᠪᠦᠲᠦᠮᠵᠢ ᠤᠯᠬᠤ ᠪᠣᠯ ᠨᠢᠭᠡᠨ ᠤᠷᠳᠤ ᠬᠤᠭᠤᠴᠠᠭᠠᠨ ᠤ ᠪᠠᠷᠢᠮᠲᠠᠯᠠᠬᠤ ᠶᠠᠪᠤᠴᠠ ᠮᠥᠨ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠦᠵᠡᠯ ᠰᠠᠨᠠᠭ᠎ᠠ ᠪᠠᠨ | ᠴᠢᠯᠥᠭᠡᠯᠡᠵᠦ᠂ ᠦᠨᠡᠨ ᠠᠴᠠ ᠵᠥᠪ ᠢ ᠡᠷᠢᠵᠦ᠂ ᠴᠠᠭ ᠦᠶ᠎ᠡ ᠲᠠᠢ ᠵᠡᠷᠭᠡᠪᠡᠷ ᠤᠷᠤᠭᠰᠢᠯᠠᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠰᠤᠷᠤᠯᠴᠠᠨ | ᠲᠤᠭᠤᠰᠢᠯᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠨ ᠵᠢᠭᠠᠵᠤ ᠭᠠᠷᠭᠠᠪᠠ᠃ | ᠥᠪᠡᠷᠲᠡᠭᠡᠨ ᠵᠠᠰᠠᠬᠤ ᠣᠷᠣᠨ ᠤ ᠲᠤᠬᠢᠷᠠᠭᠤᠯᠭ᠎ᠠ ᠪᠠᠷ᠂ ᠵᠧᠩ ᠭᠤᠸᠠᠩ ᠵᠣᠣ ᠨᠠᠮ ᠪᠣᠯᠤᠨ ᠤᠯᠤᠰ ᠤᠨ ᠠᠵᠢᠯ ᠦᠢᠯᠡᠰ ᠤᠨ ᠣᠯᠤᠭᠰᠠᠨ ᠰᠢᠨ᠎ᠡ | ᠠᠮᠵᠢᠯᠲᠠ ᠶᠢ ᠭᠦᠨᠵᠡᠭᠡᠢ ᠲᠠᠨᠢᠵᠤ᠂ ︽ᠰᠢᠨ᠎ᠡ ᠵᠠᠮ ᠢᠶᠠᠷ ᠵᠠᠮᠨᠠᠵᠤ᠂ ᠳᠤᠮᠳᠠ ᠵᠡᠷᠭᠡ ᠳᠤ ᠣᠷᠣᠬᠤ︾ ᠢᠲᠡᠭᠡᠯ ᠵᠣᠷᠢᠭ ᠢᠶᠠᠨ ᠦᠨᠡᠨ ᠬᠦ ᠴᠢᠩᠭᠠᠳᠬᠠᠬᠤ︔ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠰᠢᠨ᠎ᠡ ᠠᠷᠭ᠎ᠠ ᠬᠡᠮᠵᠢᠶ᠎ᠡ ᠶᠢ ᠭᠦᠨᠵᠡᠭᠡᠢ ᠡᠵᠡᠮᠳᠡᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠠᠷᠴᠢᠮ | ᠠᠷᠭ᠎ᠠ ᠵᠠᠮ ᠢ ᠦᠨᠡᠨ ᠬᠦ ᠣᠨᠣᠪᠴᠢᠲᠠᠢ ᠡᠷᠢᠵᠦ ᠤᠯᠬᠤ︔ ᠪᠦᠭᠦᠳᠡ ᠬᠤᠷᠠᠯ ᠠᠴᠠ ᠳᠣᠲᠣᠭᠠᠳᠤ ᠶᠢ ᠬᠠᠮᠠᠭᠠᠯᠠᠬᠤ ᠠᠵᠢᠯ ᠳᠤ ᠲᠠᠯᠪᠢᠭᠰᠠᠨ ᠰᠢᠨ᠎ᠡ | ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠦᠨᠳᠦᠰᠦᠨ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠭᠦᠷᠭᠡ ᠬᠠᠷᠢᠭᠤᠴᠠᠯᠭ᠎ᠠ ᠶᠢ ᠦᠨᠡᠨ ᠬᠦ | ᠰᠠᠶᠢᠲᠤᠷ ᠭᠦᠢᠴᠡᠳᠬᠡᠬᠦ ᠵᠡᠷᠭᠡ ᠲᠠᠯ᠎ᠠ ᠪᠠᠷ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠪᠣᠯᠤᠨ ᠥᠪᠡᠷᠲᠡᠭᠡᠨ | ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ | ᠨᠠᠶᠢᠳᠠᠪᠤᠷᠢᠵᠢᠭᠤᠯᠬᠤ ᠲᠤᠬᠠᠢ ᠭᠦᠨᠵᠡᠭᠡᠢ ᠲᠠᠶᠢᠯᠤᠮᠵᠢ ᠬᠢᠵᠡᠢ᠃ | | | | ᠵᠧᠩ ᠭᠤᠸᠠᠩ ᠵᠣᠣ᠂ ᠪᠦᠬᠦ ᠣᠷᠣᠨ ᠤ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠭᠤᠣᠯ ᠬᠠᠷᠢᠭᠤᠴᠠᠯᠭ᠎ᠠ ᠭᠤᠣᠯ | ᠠᠵᠢᠯ ᠳᠤ ᠪᠠᠨ ᠰᠠᠭᠤᠷᠢᠯᠠᠵᠤ᠂ ᠴᠢᠨᠠᠭᠰᠢᠳᠠ ᠤᠢᠢᠯᠠᠭᠠᠭᠳᠠᠬᠤᠨ ᠤ ᠰᠢᠨ᠎ᠡ ᠶᠢ ᠡᠭᠦᠳᠴᠦ᠂ ᠠᠷᠭ᠎ᠠ ᠬᠡᠮᠵᠢᠶ᠎ᠡ ᠪᠠᠨ ᠰᠢᠯᠢᠳᠡᠭᠵᠢᠭᠦᠯᠵᠦ᠂ ᠠᠷᠭ᠎ᠠ ᠬᠡᠯᠪᠡᠷᠢ ᠪᠠᠨ | ᠰᠠᠶᠢᠵᠢᠷᠠᠭᠤᠯᠵᠤ᠂ ᠰᠢᠨ᠎ᠡ ᠴᠢᠨᠠᠷ ᠴᠢᠨᠰᠠᠭ᠎ᠠ ᠲᠠᠢ ᠳᠣᠲᠣᠭᠠᠳᠤ ᠶᠢ ᠬᠠᠮᠠᠭᠠᠯᠠᠬᠤ ᠳᠠᠶᠢᠴᠢᠨ ᠬᠦᠴᠦᠨ ᠢ ᠲᠦᠷᠭᠡᠨ ᠪᠦᠷᠢᠯᠳᠦᠭᠦᠯᠬᠦ ᠪᠠ ᠳᠡᠭᠡᠭᠰᠢᠯᠡᠭᠦᠯᠵᠦ᠂ ᠥᠪᠥᠷ | ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠴᠢᠨᠠᠭᠰᠢᠳᠠ ᠠᠬᠢᠭᠤᠯᠬᠤ ᠳᠤ ᠪᠠᠲᠤ ᠴᠢᠩᠭ᠎ᠠ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠬᠡᠷᠡᠭᠲᠡᠢ᠃ ᠤᠯᠤᠰ | ᠲᠦᠷᠦ ᠶᠢᠨ ᠠᠮᠤᠷ ᠲᠦᠪᠰᠢᠨ ᠢ ᠬᠠᠮᠠᠭᠠᠯᠠᠬᠤ ᠶᠢ ᠲᠡᠷᠢᠭᠦᠨ ᠴᠢᠬᠤᠯᠠ ᠡᠭᠦᠷᠭᠡ ᠪᠣᠯᠭᠠᠵᠤ᠂ ᠬᠦᠨᠳᠦ ᠶᠡᠭᠡ ᠠᠶᠤᠯ ᠲᠦᠭᠰᠢᠭᠦᠷᠢ ᠶᠢᠨ ᠳᠠᠯᠳᠠ ᠭᠡᠮ ᠢ ᠬᠦᠴᠦᠲᠡᠢ | ᠰᠡᠷᠭᠡᠶᠢᠯᠡᠨ ᠠᠷᠢᠯᠭᠠᠬᠤ ᠬᠡᠷᠡᠭᠲᠡᠢ᠃ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠴᠠᠭᠳᠠᠭ᠎ᠠ ᠶᠢ ᠬᠦᠴᠦᠷᠬᠡᠭᠵᠢᠭᠦᠯᠬᠦ ᠶᠢᠨ ᠵᠠᠩᠭᠢᠯᠠᠭ᠎ᠠ ᠶᠢᠨ ᠠᠷᠭ᠎ᠠ ᠪᠣᠯᠭᠠᠵᠤ᠂ ᠬᠤᠯᠪᠣᠭᠳᠠᠯ ᠪᠦᠬᠦᠢ ᠪᠡᠶᠡᠯᠡᠭᠦᠯᠬᠦ ᠠᠷᠭ᠎ᠠ | ᠵᠠᠮ᠂ ᠪᠣᠳᠠᠲᠠᠢ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ ᠲᠣᠳᠣᠷᠬᠠᠶᠢᠯᠠᠵᠤ᠂ ᠡᠯ᠎ᠡ ᠵᠦᠢᠯ ᠤᠨ ᠴᠢᠬᠤᠯᠠ ᠶᠡᠭᠡ ᠥᠭᠡᠷᠡᠴᠢᠯᠡᠯᠲᠡ ᠶᠢᠨ ᠲᠦᠷᠦᠯ ᠵᠦᠢᠯ ᠢ | ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠢᠳᠡᠪᠬᠢᠲᠡᠢ ᠠᠬᠢᠭᠤᠯᠬᠤ ᠬᠡᠷᠡᠭᠲᠡᠢ᠃ ᠬᠠᠤᠯᠢ ᠪᠠᠷ ᠵᠠᠰᠠᠬᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠲᠠ ᠶᠢ ᠤᠯᠠᠮ ᠨᠢᠭᠡ | ᠠᠯᠬᠤᠮ ᠴᠢᠩᠭᠠᠳᠬᠠᠵᠤ᠂ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ᠂ ᠲᠤᠰᠬᠠᠶᠢᠵᠢᠭᠤᠯᠬᠤ᠂ ᠨᠡᠶᠢᠯᠡᠭᠦᠯᠬᠦ ᠬᠢᠷᠢ ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠬᠦ | ᠬᠡᠷᠡᠭᠲᠡᠶ᠃ ᠰᠢᠨᠵᠢᠯᠡᠬᠦ ᠤᠬᠠᠭᠠᠨ ᠮᠡᠷᠭᠡᠵᠢᠯ ᠢᠶᠠᠷ ᠴᠠᠭᠳᠠᠭ᠎ᠠ ᠶᠢ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠠᠷᠢᠮᠲᠠᠯᠠᠵᠤ᠂ ᠮᠡᠷᠭᠡᠵᠢᠯ ᠢᠶᠠᠷ ᠰᠡᠷᠭᠡᠶᠢᠯᠡᠬᠦ | ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠠᠵᠢᠯ ᠤᠨ ᠣᠳᠣᠬᠢᠴᠢᠯᠠᠯᠲᠠ ᠶᠢᠨ ᠲᠦᠪᠰᠢᠨ ᠢ ᠳᠠᠰᠤᠷᠠᠯᠳᠠ | ᠦᠬᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | | | | ᠬᠤᠷᠠᠯ ᠠᠴᠠ ᠡᠮᠦᠨ᠎ᠡ᠂ ᠵᠧᠩ ᠭᠤᠸᠠᠩ ᠵᠣᠣ ᠲᠤᠬᠠᠢ ᠶᠢᠨ ᠭᠠᠵᠠᠷ ᠲᠤ ᠪᠠᠰᠠ ᠲᠦᠩ ᠳ᠋ᠤᠤ ᠵᠡᠭᠡᠯᠢ ᠶᠢᠨ ᠲᠣᠮᠢᠯᠠᠭᠰᠠᠨ ᠰᠠᠯᠪᠤᠷᠢ ᠶᠢᠨ ᠨᠠᠮ ᠤᠨ | ᠪᠠᠶᠢᠭᠤᠯᠤᠯᠲᠠ ᠶᠢᠨ ᠨᠡᠷᠡᠲᠦ ᠲᠡᠮᠳᠡᠭᠲᠦ ᠶᠢᠨ ᠪᠠᠶᠢᠭᠤᠯᠤᠯᠲᠠ᠂ ᠴᠠᠭᠳᠠᠭᠠᠨ ᠤ ᠶᠠᠪᠤᠳᠠᠯ ᠤᠨ ᠠᠵᠢᠯᠯᠠᠭ᠎ᠠ᠂ ᠵᠤᠨ ᠤ ᠤᠯᠠᠷᠢᠯ ᠤᠨ ᠠᠵᠢᠯᠯᠠᠭ᠎ᠠ ᠥᠷᠨᠢᠭᠦᠯᠦᠭᠰᠡᠨ | ᠵᠡᠷᠭᠡ ᠪᠠᠶᠢᠳᠠᠯ ᠢ ᠪᠠᠶᠢᠴᠠᠭᠠᠨ ᠰᠤᠳᠤᠯᠵᠠᠢ᠃ | |