ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠢᠭᠡᠳᠦᠭᠡᠷ ᠨᠠᠮ ᠤᠨ ᠡᠭᠦᠷ ︽ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/2
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ︽ᠵᠢᠷᠭᠤᠭᠠᠨ ᠥᠭᠦᠯᠡᠪᠦᠷᠢ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠭᠦᠨᠵᠡᠭᠡᠶ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ ᠴᠣᠭᠴᠠᠯᠠᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠤᠨ ᠠᠵᠢᠯ ᠳᠤᠮᠳᠠᠬᠢ ᠨᠠᠮ ᠤᠨ ᠭᠡᠰᠢᠭᠦᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠡᠭᠦᠷᠭᠡᠲᠦ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠶᠢ ᠳᠡᠭᠡᠭᠰᠢᠯᠡᠭᠦᠯᠬᠦ ᠶᠢᠨ ᠲᠥᠯᠥᠭᠡ᠂ 8 ᠰᠠᠷ᠎ᠠ ᠶᠢᠨ 1 ᠤ ᠦᠳᠡ ᠶᠢᠨ ᠬᠤᠶᠢᠨ᠎ᠠ᠂ ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠢᠭᠡᠳᠦᠭᠡᠷ ᠨᠠᠮ ᠤᠨ ᠡᠭᠦᠷ ᠭᠦᠨᠪᠤᠯᠠᠭ ᠰᠤᠮᠤ ᠶᠢᠨ ᠬᠠᠶᠢᠷᠠᠲᠤ ᠭᠠᠴᠠᠭᠠᠨ ᠤ ᠨᠠᠮ ᠤᠨ ᠡᠭᠦᠷ ᠲᠠᠢ ᠬᠠᠮᠲᠤᠷᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠳᠤ ᠣᠷᠣᠯᠴᠠᠭᠰᠠᠨ ᠪᠦᠬᠦ ᠨᠠᠮ ᠤᠨ ᠭᠡᠰᠢᠭᠦᠨ ᠭᠠᠯ ᠤᠯᠠᠭᠠᠨ ᠨᠠᠮ ᠤᠨ ᠲᠤᠭ ᠤᠨ ᠡᠮᠦᠨ᠎ᠡ᠂ ᠪᠠᠷᠠᠭᠤᠨ ᠭᠠᠷ ᠢᠶᠠᠨ ᠥᠨᠳᠥᠷ ᠡᠷᠭᠦᠵᠦ᠂ ᠨᠠᠮ ᠳᠤ ᠣᠷᠣᠬᠤ ᠲᠠᠩᠭᠠᠷᠢᠭ ᠢᠶᠠᠨ ᠳᠠᠬᠢᠨ ᠡᠷᠭᠢᠴᠡᠭᠦᠯᠪᠡ᠃ ᠲᠠᠩᠭᠠᠷᠢᠭᠯᠠᠬᠤ ᠲᠠᠭᠤᠨ ᠢᠳᠡ ᠬᠦᠴᠦᠲᠡᠢ᠂ ᠪᠦᠬᠦ ᠨᠠᠮ ᠤᠨ ᠭᠡᠰᠢᠭᠦᠨ ᠤ ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠬᠤ ᠡᠷᠴᠢ ᠵᠣᠷᠢᠭ ᠢ ᠭᠦᠢᠴᠡᠳ ᠢᠯᠡᠷᠡᠭᠦᠯᠪᠡ᠃
DSC_5794.JPG
     ᠠᠵᠢᠯᠯᠠᠭ᠎ᠠ ᠶᠢᠨ ᠭᠤᠤᠯ ᠰᠡᠳᠦᠪ ᠨᠢ ︽ᠠᠨᠠᠷ ᠤᠨ ᠦᠷ᠎ᠡ ᠬᠠᠷᠢᠯᠴᠠᠨ ᠬᠠᠪᠰᠤᠷᠤᠯᠴᠠᠵᠤ ᠬᠠᠷᠢᠯᠴᠠᠨ ᠰᠤᠷᠤᠯᠴᠠᠵᠤ᠂ ᠴᠠᠭᠳᠠᠭ᠎ᠠ ᠠᠷᠠᠳ ᠨᠢᠭᠡ ᠬᠡᠷ ᠤᠨ ᠬᠥᠮᠦᠨ ᠮᠡᠲᠦ ᠳᠣᠲᠣᠨᠣ ᠪᠠᠶᠢᠬᠤ︾ ᠪᠠᠷ ᠭᠤᠤᠯ ᠰᠡᠳᠦᠪ ᠪᠣᠯᠭᠠᠨ ᠨᠥᠬᠦᠷᠯᠡᠯ ᠤᠨ ᠰᠤᠷᠤᠯᠴᠠᠯᠭ᠎ᠠ᠂ ᠰᠤᠳᠤᠯᠤᠨ ᠶᠠᠷᠢᠯᠴᠠᠬᠤ᠂ ᠲᠣᠭᠤᠷᠢᠨ ᠦᠵᠡᠬᠦ ᠠᠵᠢᠯᠯᠠᠭ᠎ᠠ ᠥᠷᠨᠢᠭᠦᠯᠵᠦ᠂ ᠴᠠᠭᠳᠠᠭ᠎ᠠ ᠪᠣᠯᠤᠨ ᠮᠠᠯᠴᠢᠨ ᠲᠦᠮᠡᠨ ᠬᠠᠮᠲᠤ ᠪᠠᠷ ᠠᠵᠢᠯᠯᠠᠭ᠎ᠠ᠂ ᠰᠣᠯᠢᠯᠴᠠᠭ᠎ᠠ ᠬᠢᠬᠦ ᠪᠠᠷ ᠳᠠᠮᠵᠢᠭᠤᠯᠤᠨ᠂ ᠦᠨᠳᠦᠰᠦᠲᠡᠨ ᠤ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠢ ᠤᠯᠠᠮ ᠨᠢᠭᠡ ᠠᠯᠬᠤᠮ ᠣᠶᠢᠯᠠᠭᠠᠵᠤ᠂ ᠦᠨᠳᠦᠰᠦᠲᠡᠨ ᠨᠦᠭᠦᠳ ᠤᠨ ᠪᠦᠯᠬᠦᠮᠳᠡᠯ ᠨᠢᠭᠡᠳᠦᠯ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ ᠶᠢ ᠬᠥᠲᠥᠯᠥᠨ ᠵᠢᠯᠣᠭᠤᠳᠴᠤ᠂ ᠳᠤᠮᠳᠠᠳᠤ ᠶᠢᠨ ᠦᠨᠳᠦᠰᠦᠲᠡᠨ ᠤ ᠲᠤᠬᠠᠶ ᠮᠡᠳᠡᠷᠡᠮᠵᠢ ᠶᠢᠨ ᠰᠡᠳᠬᠢᠯᠭᠡ ᠪᠣᠯᠤᠨ ᠣᠮᠣᠭᠰᠢᠯᠲᠤ ᠰᠡᠳᠬᠢᠯᠭᠡ ᠶᠢ ᠨᠢ ᠨᠡᠮᠡᠭᠳᠡᠭᠦᠯᠵᠦ᠂ ᠦᠨᠳᠦᠰᠦᠲᠡᠨ ᠤ ᠪᠦᠯᠬᠦᠮᠳᠡᠯ ᠤᠨ ᠦᠵᠡᠯ ᠰᠠᠨᠠᠭ᠎ᠠ ᠶᠢ ᠬᠥᠮᠦᠰ ᠤᠨ ᠰᠡᠳᠬᠢᠯ ᠳᠤ ᠭᠦᠨ ᠬᠠᠳᠠᠩᠰᠢᠭᠤᠯᠪᠠ᠃ ᠠᠵᠢᠯᠯᠠᠭ᠎ᠠ ᠳᠤ ᠳᠠᠭᠤᠤ ᠪᠥᠵᠢᠭ ᠤᠨ ᠲᠣᠭᠯᠠᠯᠲᠠ ᠲᠣᠬᠢᠷᠠᠭᠤᠯᠵᠤ᠂ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠪᠠᠷ ᠦᠨᠳᠦᠰᠦᠲᠡᠨ ᠤ ᠰᠣᠶᠣᠯ ᠤᠨ ᠷᠢᠳᠢ ᠰᠢᠳᠢ ᠶᠢ ᠭᠦᠢᠴᠡᠳ ᠢᠯᠡᠷᠡᠭᠦᠯᠪᠡ᠃      ᠲᠤᠬᠠᠶ ᠶᠢᠨ ᠲᠠᠯᠠᠪᠠᠶ ᠳᠤ᠂ ᠴᠠᠭᠳᠠᠭ᠎ᠠ ᠨᠠᠷ ᠪᠠᠰᠠ ᠥᠷᠭᠡᠨ ᠣᠯᠠᠨ ᠮᠠᠯᠴᠢᠨ ᠲᠦᠮᠡᠨ ᠳᠤ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠣᠯᠠᠨ ᠲᠦᠮᠡᠨ ᠳᠤ ᠰᠢᠨ᠎ᠡ ᠬᠡᠯᠪᠡᠷᠢ ᠶᠢᠨ ᠬᠤᠤᠷᠲᠤ ᠡᠳ᠋ ᠤᠨ ᠲᠥᠷᠥᠯ ᠵᠦᠢᠯ᠂ ᠬᠤᠤᠷ ᠬᠥᠨᠥᠭᠡᠯ᠂ ᠤᠷᠢᠳᠴᠢᠯᠠᠨ ᠰᠡᠷᠭᠡᠶᠢᠯᠡᠬᠦ ᠮᠡᠳᠡᠯᠭᠡ᠂ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠤᠤᠷᠲᠤ ᠡᠳ᠋ ᠢ ᠴᠠᠭᠠᠵᠠᠯᠠᠬᠤ ᠰᠡᠷᠭᠡᠶᠢᠯᠡᠬᠦ ᠶᠢᠨ ᠴᠢᠬᠤᠯᠠ ᠴᠢᠨᠠᠷ ᠢ ᠲᠠᠨᠢᠯᠴᠠᠭᠤᠯᠵᠤ᠂ ᠣᠯᠠᠨ ᠳᠤ ᠬᠤᠤᠷᠲᠤ ᠡᠳ᠋ ᠤᠨ ᠬᠤᠪᠢ ᠬᠥᠮᠦᠨ᠂ ᠬᠡᠷ ᠪᠦᠯᠢ ᠵᠢᠴᠢ ᠨᠡᠶᠢᠭᠡᠮ ᠳᠤ ᠦᠵᠡᠭᠦᠯᠦᠭᠰᠡᠨ ᠬᠦᠨᠳᠦ ᠨᠣᠴᠢᠲᠠᠶ ᠨᠥᠯᠥᠭᠡ ᠶᠢ ᠪᠥᠬᠦ ᠲᠠᠯ᠎ᠠ ᠪᠠᠷ ᠣᠶᠢᠯᠠᠭᠠᠭᠤᠯᠵᠤ᠂ ᠲᠤᠬᠠᠶ ᠶᠢᠨ ᠲᠠᠯᠠᠪᠤᠷ ᠲᠤ ᠪᠠᠶᠢᠭᠰᠠᠨ ᠣᠯᠠᠨ ᠲᠦᠮᠡᠨ ᠤ ᠭᠦᠨ ᠪᠣᠳᠣᠯᠭᠠᠰᠢᠷᠠᠭᠤᠯᠪᠠ᠃
DSC_5927.JPG
     ᠬᠥᠳᠡᠯᠭᠡᠭᠡᠨ ᠤ ᠡᠴᠦᠰ ᠲᠤ᠂ ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠤᠯᠠᠭᠠᠨᠮᠥ᠋ᠴᠢᠷ ᠤᠨ ᠪᠠᠭ᠎ᠠ ᠰᠠᠯᠪᠤᠷᠢ ᠠᠩᠬᠢ ᠶᠢᠨ ᠲᠣᠭᠯᠠᠭᠴᠢᠳ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠤᠷᠠᠯᠢᠭ ᠤᠨ ᠬᠡᠯᠪᠡᠷᠢ᠂ ᠳᠠᠭᠤᠤ᠂ ᠪᠥᠵᠢᠭ ᠵᠡᠷᠭᠡ ᠲᠣᠭᠯᠠᠯᠲᠠ ᠶᠢᠨ ᠠᠭᠤᠯᠭ᠎ᠠ ᠪᠠᠷ ᠤᠯᠠᠨ ᠲᠦᠮᠡᠨ ᠤ ᠬᠦᠷᠢᠶᠡᠯᠡᠯ ᠢ ᠣᠯᠵᠤ᠂ ᠦᠵᠡᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢ ᠬᠦᠷᠲᠡᠵᠡᠢ᠃ ᠲᠣᠰ ᠤᠳᠠᠭᠠᠨ ᠤ ᠠᠵᠢᠯᠯᠠᠭ᠎ᠠ ᠨᠢ ᠬᠠᠶᠢᠷᠠᠲᠤ ᠭᠠᠴᠠᠭ᠎ᠠ ᠳᠤ ᠤᠳᠬ᠎ᠠ ᠤᠷᠠᠯᠢᠭ ᠤᠨ ᠥᠪᠡᠷᠮᠢᠴᠡ ᠲᠥᠷᠥᠭᠳᠡᠯ ᠣᠯᠭᠤᠭᠰᠠᠨ ᠢᠶᠠᠷ ᠪᠠᠷᠠᠬᠤ ᠥᠬᠡᠶ ᠮᠠᠯᠴᠢᠳ ᠤᠨ ᠠᠵᠢᠯ ᠤᠨ ᠴᠢᠯᠥᠭᠡᠨ ᠤ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠠᠶ᠃ 
ᠢᠷᠡᠯᠲᠡ᠄ ᠰᠢᠯᠢ ᠶᠢᠨ ᠭᠣᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ