ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠵᠢᠴᠢ ᠬᠤᠶᠠᠳᠤᠭᠠᠷ ᠬᠤᠭᠤᠴᠠᠭᠠᠨ ᠤ ︽ᠰᠢᠳᠤᠷᠭᠤ ᠬᠠᠮᠠᠭᠠᠯᠠᠭᠴᠢ ᠬᠤᠨᠳᠠᠭᠠᠲᠤ︾ ᠰᠠᠭᠰᠤᠨ ᠪᠥᠮᠪᠦᠭᠡ ᠶᠢᠨ ᠤᠷᠤᠯᠳᠤᠭᠠᠨ ᠶᠠᠪᠤᠭᠳᠠᠭᠤᠯᠪᠠ
ᠨᠡᠶᠢᠲᠡᠯᠡᠭᠰᠡᠨ ᠴᠠᠭ᠄
2024/9/20
      ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠡᠭᠯᠡᠵᠦ᠂ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠪᠠᠷ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ  ᠬᠤᠷᠠᠯ  ᠤᠨ  ᠵᠣᠷᠢᠭ  ᠰᠠᠨᠠᠭ᠎ᠠ  ᠶᠢ  ᠭᠦᠨᠵᠡᠭᠡᠢ  ᠰᠤᠷᠤᠯᠴᠠᠨ ᠲᠤᠭᠤᠰᠢᠯᠠᠭᠤᠯᠵᠤ᠂ ᠳᠣᠲᠣᠭᠠᠳᠤ ᠶᠢ ᠬᠠᠮᠠᠭᠠᠯᠠᠬᠤ ᠶᠠᠮᠤᠨ ᠤ ︽ᠤᠯᠤᠰ ᠲᠦᠷᠦ ᠶᠢᠨ ᠠᠵᠢᠯ ᠤᠨ ᠠᠵᠢᠯᠯᠠᠭᠠᠨ ᠤ ᠲᠥᠯᠥᠪᠯᠡᠭᠡ︾ ᠶᠢᠨ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂  ᠣᠯᠧᠮᠫᠢᠺ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠴᠠᠭᠳᠠᠭᠠᠨ ᠤ ᠬᠤᠸᠠᠷᠠᠨ ᠤ ᠰᠣᠶᠣᠯ ᠤᠨ ᠠᠮᠢᠳᠤᠷᠠᠯ ᠢ ᠴᠢᠨᠠᠭᠰᠢᠳᠠ ᠪᠠᠶᠠᠯᠢᠭᠵᠢᠭᠤᠯᠬᠤ ᠶᠢᠨ ᠲᠥᠯᠥᠭᠡ᠂ 8 ᠰᠠᠷ᠎ᠠ ᠶᠢᠨ 26 ᠤ ᠡᠳᠦᠷ ᠠᠴᠠ 9 ᠰᠠᠷ᠎ᠠ ᠶᠢᠨ 4 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠪᠠᠶᠢᠭᠤᠯᠭ᠎ᠠ ᠶᠢᠨ ᠨᠠᠮ ᠤᠨ ᠬᠤᠷᠢᠶ᠎ᠠ᠂ ᠠᠵᠢᠯᠴᠢᠨ ᠤ ᠡᠪᠯᠡᠯ᠂ ᠡᠪᠯᠡᠯ ᠤᠨ ᠬᠤᠷᠢᠶ᠎ᠠ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠤᠶᠠᠳᠤᠭᠠᠷ ᠬᠤᠭᠤᠴᠠᠭᠠᠨ ᠤ ︽ᠰᠢᠳᠤᠷᠭᠤ ᠬᠠᠮᠠᠭᠠᠯᠠᠭᠴᠢ ᠬᠤᠨᠳᠠᠭᠠᠲᠤ︾ ᠰᠠᠭᠰᠤᠨ ᠪᠥᠮᠪᠦᠭᠡ ᠶᠢᠨ ᠤᠷᠤᠯᠳᠤᠭᠠᠨ ᠶᠠᠪᠤᠭᠳᠠᠭᠤᠯᠪᠠ᠃
1.png
      ᠲᠤᠰ ᠤᠳᠠᠭ᠎ᠠ ᠶᠢᠨ ᠤᠷᠤᠯᠳᠤᠭᠠᠨ 8 ᠡᠳᠦᠷ ᠶᠠᠪᠤᠭᠳᠠᠵᠤ᠂ 24 ᠲᠥᠯᠥᠭᠡᠯᠡᠭᠴᠢ ᠠᠩᠬᠢ᠂ 288 ᠲᠠᠮᠢᠷᠴᠢᠨ 72 ᠤᠳᠠᠭ᠎ᠠ ᠶᠢᠨ ᠤᠷᠤᠯᠳᠤᠭᠠᠨ ᠳᠤ ᠣᠷᠣᠯᠴᠠᠵᠠᠢ᠃ ᠤᠷᠤᠯᠳᠤᠭᠠᠨ ᠤ ᠲᠠᠯᠠᠪᠤᠷ ᠲᠤ ᠪᠦᠬᠦ ᠲᠠᠮᠢᠷᠴᠢᠳ ᠪᠦᠯᠬᠦᠮᠳᠡᠯ ᠲᠠᠢ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠵᠦ᠂ ᠬᠢᠨᠠᠭᠴᠢᠳ ᠨᠠᠷᠢᠨ ᠨᠢᠮᠪᠠᠢ᠂ ᠲᠥᠪ ᠭᠤᠣᠯᠴᠢ ᠪᠠᠷ ᠲᠠᠰᠤᠯᠤᠯᠲᠠ ᠬᠢᠵᠦ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠪᠠᠶᠢᠭᠤᠯᠭ᠎ᠠ ᠶᠢᠨ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠬᠠᠷᠠᠭᠤᠯᠵᠠᠶ᠃ ᠡᠯ᠎ᠡ ᠰᠠᠯᠠᠭ᠎ᠠ ᠮᠥᠴᠢᠷ᠂ ᠪᠠᠶᠢᠭᠤᠯᠭ᠎ᠠ ᠨᠢᠭᠡᠴᠢ ᠶᠢᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠢᠳᠡᠪᠬᠢᠲᠡᠢ ᠪᠠᠷ ᠳᠤᠭᠤᠶᠢᠯᠠᠩ ᠵᠣᠬᠢᠶᠠᠨ ᠪᠠᠶᠢᠭᠤᠯᠤᠨ ᠤᠷᠤᠯᠳᠤᠭᠠᠨ ᠳᠤ ᠣᠷᠣᠯᠴᠠᠵᠤ᠂ ᠲᠢᠩᠬᠢᠮ ᠤᠨ ᠪᠠᠶᠢᠭᠤᠯᠭ᠎ᠠ ᠶᠢᠨ ᠨᠠᠮ ᠤᠨ ᠬᠤᠷᠢᠶ᠎ᠠ᠂ ᠠᠵᠢᠯᠴᠢᠨ ᠤ ᠡᠪᠯᠡᠯ᠂ ᠡᠪᠯᠡᠯ ᠤᠨ ᠬᠤᠷᠢᠶ᠎ᠠ ᠤᠳᠠᠭ᠎ᠠ ᠪᠦᠷᠢ ᠶᠢᠨ ᠤᠷᠤᠯᠳᠤᠭᠠᠨ ᠤ ᠲᠠᠯᠠᠪᠠᠢ ᠶᠢᠨ ᠲᠤᠬᠢᠷᠠᠭᠤᠯᠤᠯᠳᠠ᠂ ᠠᠷᠤ ᠲᠠᠯ᠎ᠠ ᠶᠢᠨ ᠦᠢᠯᠡᠴᠢᠯᠡᠭᠡᠨ ᠤ ᠨᠥᠬᠦᠪᠥᠷᠢ ᠬᠠᠩᠭᠠᠯᠭ᠎ᠠ᠂ ᠡᠮ ᠡᠮᠨᠡᠯᠭᠡ ᠶᠢᠨ ᠪᠠᠲᠤᠯᠠᠭ᠎ᠠ ᠵᠡᠷᠭᠡ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠬᠦ ᠪᠠᠷ ᠳᠠᠮᠵᠢᠭᠤᠯᠤᠨ᠂ ᠤᠷᠤᠯᠳᠤᠭᠠᠨ ᠤ ᠬᠤᠭᠤᠴᠠᠭᠠᠨ ᠳᠤ ᠡᠮᠬᠢ ᠵᠢᠷᠤᠮ ᠲᠠᠢ ᠵᠣᠬᠢᠶᠠᠨ ᠪᠠᠶᠢᠭᠤᠯᠵᠤ᠂ ᠪᠠᠲᠤᠯᠠᠭ᠎ᠠ ᠶᠢ ᠭᠦᠢᠴᠡᠳ ᠨᠠᠶᠢᠳᠠᠪᠤᠷᠢᠵᠢᠭᠤᠯᠵᠤ᠂ ᠤᠷᠤᠯᠳᠤᠭᠠᠨ ᠳᠤ ᠣᠷᠣᠯᠴᠠᠭᠰᠠᠨ ᠲᠠᠮᠢᠷᠴᠢᠳ ᠤᠨ ᠰᠠᠶᠢᠨ ᠦᠨᠡᠯᠡᠯᠲᠡ ᠶᠢ ᠣᠯᠵᠠᠢ᠃
22.jpg
      ᠡᠴᠦᠰ ᠲᠤ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ᠂ ᠶᠡᠭᠡ ᠬᠢᠩᠭᠠᠨ ᠳᠠᠪᠠᠭ᠎ᠠ ᠶᠢᠨ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠣᠯᠤᠨ ᠨᠢᠰᠬᠡᠯ ᠤᠨ ᠪᠠᠭᠤᠳᠠᠯ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠲᠥᠯᠥᠭᠡᠯᠡᠭᠴᠢ ᠠᠩᠭᠢ ᠲᠣᠰ ᠲᠣᠰ ︽ᠰᠢᠳᠤᠷᠭᠤ ᠬᠠᠮᠠᠭᠠᠯᠠᠭᠴᠢ ᠬᠤᠨᠳᠠᠭᠠᠲᠤ︾ ᠰᠠᠭᠰᠤᠨ ᠪᠥᠮᠪᠦᠭᠡ ᠶᠢᠨ ᠤᠷᠤᠯᠳᠤᠭᠠᠨ ᠤ ᠲᠡᠷᠢᠭᠦᠨ ᠳᠡᠳ᠋ ᠭᠤᠷᠪᠠᠳᠤᠭᠠᠷ ᠲᠤ ᠣᠷᠣᠪᠠ᠃ ᠬᠥᠬᠡᠬᠤᠲᠠ ᠶᠢᠨ ᠲᠡᠮᠦᠷ ᠵᠠᠮ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠣᠨᠴᠠ ᠦᠢᠯᠡᠴᠢᠯᠡᠭᠡᠨ ᠤ ᠲᠣᠪᠴᠢᠶ᠎ᠠ᠂ ᠥᠪᠥᠷ ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠡᠷᠡᠭᠦᠤ ᠶᠢᠨ ᠬᠡᠷᠡᠭ ᠤᠨ ᠲᠤᠷᠰᠢᠨ ᠪᠠᠶᠢᠴᠠᠭᠠᠬᠤ ᠶᠡᠷᠦᠩᠬᠡᠶ ᠠᠩᠭᠢ᠂ ᠠᠵᠤ ᠠᠬᠤᠶ ᠶᠢᠨ ᠶᠠᠯᠠᠲᠤ ᠬᠡᠷᠡᠭ ᠤᠨ ᠲᠤᠷᠰᠢᠨ ᠪᠠᠶᠢᠴᠠᠭᠠᠬᠤ ᠶᠡᠷᠦᠩᠬᠡᠶ ᠠᠩᠭᠢ + ᠬᠠᠤᠯᠢ ᠲᠦᠷᠢᠮ ᠤᠨ ᠶᠡᠷᠦᠩᠬᠡᠶ ᠠᠩᠭᠢ ᠶᠢᠨ ᠬᠤᠯᠪᠣᠭᠠᠲᠤ ᠠᠩᠭᠢ ᠲᠣᠰ ᠲᠣᠰ 4 ᠠᠴᠠ 8 ᠳ᠋ᠤᠭᠠᠷ ᠲᠤ ᠵᠢᠭᠰᠠᠭᠠᠭᠳᠠᠪᠠ᠃
33.png
      ᠠᠯᠪᠠᠨ ᠬᠡᠷ ︵ᠰᠤᠳᠤᠯᠬᠤ ᠲᠠᠰᠤᠭ︶ + ᠰᠢᠪᠠᠳᠠᠨ ᠪᠠᠶᠢᠴᠠᠭᠠᠬᠤ ᠬᠢᠨᠠᠨ ᠪᠤᠳᠤᠬᠤ ᠵᠠᠬᠢᠳᠠᠯ ᠰᠤᠷᠪᠤᠯᠵᠢᠯᠠᠭ᠎ᠠ ᠶᠢᠨ ᠶᠡᠷᠦᠩᠬᠡᠶ ᠠᠩᠭᠢ ᠶᠢᠨ ᠬᠤᠯᠪᠣᠭᠠᠲᠤ ᠠᠩᠭᠢ᠂ ᠤᠯᠤᠰ ᠲᠥᠷᠥ ᠶᠢᠨ ᠬᠡᠯᠲᠡᠰ᠂ ᠴᠢᠮᠡᠭᠡ ᠮᠡᠳᠡᠭᠡ ᠵᠢᠯᠣᠭᠤᠳᠬᠤ ᠲᠥᠪ᠂ ᠰᠦᠯᠵᠢᠶᠡᠨ ᠤ ᠠᠮᠤᠷ ᠲᠦᠪᠰᠢᠨ ᠤ ᠬᠢᠨᠠᠨ ᠡᠵᠡᠮᠳᠡᠬᠦ ᠲᠥᠪ᠂ ᠮᠡᠷᠭᠡᠵᠢᠯ ᠤᠨ ᠲᠤᠷᠰᠢᠨ ᠪᠠᠶᠢᠴᠠᠭᠠᠬᠤ ᠶᠡᠷᠦᠩᠬᠡᠶ ᠠᠩᠭᠢ ᠪᠡᠶ᠎ᠡ ᠶᠢᠨ ᠲᠠᠮᠢᠷ ᠤᠨ ᠶᠣᠰᠣ ᠮᠣᠷᠠᠯ ᠬᠡᠪ ᠰᠤᠷᠲᠠᠯ ᠤᠨ ᠱᠠᠩᠨᠠᠯ ᠭᠥᠷᠳᠡᠵᠦ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠶᠡᠷᠦᠩᠬᠡᠶ ᠠᠩᠭᠢ᠂ ᠴᠠᠭᠳᠠᠭᠠᠨ ᠤ ᠶᠠᠪᠤᠳᠠᠯ ᠤᠨ ᠪᠠᠲᠤᠯᠠᠭ᠎ᠠ ᠶᠢᠨ ᠶᠡᠷᠦᠩᠬᠡᠶ ᠠᠩᠭᠢ᠂ ᠬᠤᠤᠷ ᠴᠠᠭᠠᠵᠠᠯᠠᠬᠤ ᠶᠡᠷᠦᠩᠬᠡᠶ ᠠᠩᠭᠢ᠂ ᠪᠡᠯᠡᠳᠬᠡᠯ ᠲᠤᠷᠰᠢᠨ ᠪᠠᠶᠢᠴᠠᠭᠠᠬᠤ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠷᠢᠭᠤᠯ ᠤᠨ ᠭᠠᠵᠠᠷ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠭᠥᠷᠳᠡᠪᠡ᠃       ᠣᠨᠴᠠ ᠦᠢᠯᠡᠴᠢᠯᠡᠭᠡᠨ ᠤ ᠲᠣᠪᠴᠢᠶ᠎ᠠ ᠶᠢᠨ ᠯᠢ ᠺᠧ ︽ᠭᠤᠷᠪᠠᠨ ᠬᠤᠪᠢ ᠶᠢᠨ ᠠᠪᠤᠷᠭᠤ︾ ᠶᠢᠨ ᠴᠣᠯᠠ ᠶᠢ ᠣᠯᠵᠤ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠸᠠᠩ ᡁᠢ ᠶᠦᠩ ︽ᠬᠤᠪᠢ ᠣᠯᠤᠭᠰᠠᠨ ᠠᠪᠤᠷᠭᠤ︾ ᠶᠢᠨ ᠴᠣᠯᠠ ᠶᠢ ᠣᠯᠵᠤ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠦ᠋ ᠬᠤᠤ ᠲᠣᠰ ᠤᠳᠠᠭᠠᠨ ᠤ ᠤᠷᠤᠯᠳᠤᠭᠠᠨ ᠤ ︽ᠬᠠᠮᠤᠭ ᠤᠨ ᠦᠨ᠎ᠡ ᠥᠷᠲᠡᠭ ᠲᠠᠢ ᠲᠠᠮᠢᠷᠴᠢᠨ︾ ᠤ ᠴᠣᠯᠠ ᠶᠢ ᠤᠯᠪᠠ᠃
44.png
      ᠵᠠᠯᠭᠠᠭ᠎ᠠ ᠪᠠᠷ ᠡᠷᠭᠢᠯᠡᠭᠰᠡᠨ ᠲᠢᠩᠬᠢᠮ ᠤᠨ ᠪᠠᠶᠢᠭᠤᠯᠭ᠎ᠠ ᠶᠢᠨ ᠰᠠᠭᠰᠤᠨ ᠪᠥᠮᠪᠦᠭᠡ ᠶᠢᠨ ᠤᠷᠤᠯᠳᠤᠭᠠᠨ᠂ ᠰᠣᠨᠢᠷᠬᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ ᠪᠣᠯ ᠳᠣᠲᠣᠭᠠᠳᠤ ᠶᠢ ᠬᠠᠮᠠᠭᠠᠯᠠᠬᠤ ᠶᠠᠮᠤᠨ ᠤ ︽ᠤᠯᠤᠰ ᠲᠥᠷᠥ ᠶᠢᠨ ᠠᠵᠢᠯ ᠤᠨ ᠠᠵᠢᠯᠯᠠᠭᠠᠨ ᠤ ᠲᠥᠯᠥᠪᠯᠡᠭᠡ︾᠂ ᠳᠣᠲᠣᠭᠠᠳᠤ ᠶᠢ ᠬᠠᠮᠠᠭᠠᠯᠠᠬᠤ ᠶᠠᠮᠤᠨ ᠤ ᠤᠯᠤᠰ ᠲᠥᠷᠥ ᠶᠢᠨ ᠬᠡᠯᠲᠡᠰ ᠤᠨ ︽2024 ᠣᠨ ᠤ ᠴᠠᠭᠳᠠᠭ᠎ᠠ ᠶᠢ ᠬᠠᠶᠢᠷᠠᠯᠠᠵᠤ ᠴᠠᠭᠳᠠᠭ᠎ᠠ ᠶᠢ ᠬᠠᠯᠠᠮᠵᠢᠯᠠᠬᠤ ᠠᠵᠢᠯᠯᠠᠭᠠᠨ ᠤ ᠠᠷᠭ᠎ᠠ ᠬᠡᠮᠵᠢᠶ᠎ᠡ︾ ᠶᠢ ᠨᠠᠶᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠮᠥᠨ᠂ ᠴᠠᠭᠳᠠᠭᠠᠨ ᠤ ᠬᠤᠸᠠᠷᠠᠨ ᠤ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠡᠷᠡᠭᠦᠯ ᠥᠭᠡᠳᠡᠷᠬᠡᠭ ᠠᠵᠢᠯᠯᠠᠬᠤ ᠠᠭᠤᠷ ᠠᠮᠢᠰᠬᠤᠯ ᠢ ᠪᠣᠶ ᠪᠣᠯᠭᠠᠬᠤ ᠪᠣᠳᠠᠲᠠᠶ ᠶᠢ ᠡᠷᠬᠢᠮᠯᠡᠭᠰᠡᠨ ᠠᠷᠭ᠎ᠠ ᠬᠡᠮᠵᠢᠶ᠎ᠡ ᠮᠥᠨ᠃ ᠤᠷᠤᠯᠳᠤᠭᠠᠨ ᠤ ᠳᠤᠮᠳᠠ ᠢᠯᠡᠷᠡᠭᠦᠯᠦᠭᠰᠡᠨ ︽ᠨᠠᠩ ᠥᠨᠳᠥᠷ ᠨᠠᠩ ᠲᠦᠷᠭᠡᠨ ᠨᠠᠩ ᠬᠦᠴᠦᠷᠬᠡᠭ ᠨᠠᠩ ᠪᠦᠯᠬᠦᠮᠳᠡᠯ ᠲᠠᠢ︾ ᠣᠯᠧᠮᠫᠢᠺ ᠤᠨ ᠵᠣᠷᠢᠭ ᠰᠠᠨᠠᠭ᠎ᠠ ᠪᠠᠷ ᠳᠠᠮᠵᠢᠭᠤᠯᠤᠨ᠂ ᠥᠷᠭᠡᠨ ᠣᠯᠠᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢ ᠵᠣᠷᠢᠭᠵᠢᠭᠤᠯᠤᠨ ᠣᠷᠭᠢᠯᠤᠮ᠎ᠠ ᠪᠠᠳᠠᠷᠠᠩᠭᠤᠶ ᠲᠡᠮᠡᠴᠡᠯ ᠤᠨ ᠵᠣᠷᠢᠭ ᠢᠶᠠᠷ ᠳᠣᠲᠣᠭᠠᠳᠤ ᠶᠢ ᠬᠠᠮᠠᠭᠠᠯᠠᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠬᠦ ᠨᠢ ᠯᠠᠪᠲᠠᠶ ᠶᠤᠮ᠃ 
ᠢᠷᠡᠯᠲᠡ᠄ ᠦᠪᠦᠷ ᠮᠤᠩᠭᠤᠯ ᠤᠨ ᠲᠤᠳᠤᠭᠠᠳᠦ  ᠶᠢ ᠬᠠᠮᠠᠭᠠᠯᠠᠬᠤ ᠲᠢᠩᠬᠢᠮ