ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠶᠢ ᠪᠠᠶᠢᠩᠭᠤ ᠶᠢᠨ ᠴᠢᠨᠠᠷ ᠲᠠᠢ ᠠᠵᠢᠯ ᠪᠤᠯᠭᠠᠬᠤ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ᠂ ᠬᠠᠤᠯᠢ | ᠵᠦᠷᠢᠴᠡᠭᠰᠡᠨ ᠶᠠᠯᠠᠳᠤ ᠠᠵᠢᠯᠯᠠᠭ᠎ᠠ ᠳᠤ ᠬᠦᠴᠦᠳᠠᠢ ᠴᠤᠬᠢᠯᠳᠠ ᠥᠭᠬᠦ᠂ ᠤᠯᠠᠨ ᠲᠦᠮᠡᠨ ᠢ ᠲᠠᠶᠢᠴᠢᠯᠠᠨ ᠲᠤᠰ ᠠᠵᠢᠯ ᠳᠤ ᠢᠳᠡᠪᠬᠢᠳᠠᠢ ᠤᠷᠤᠯᠴᠠᠭᠤᠯᠬᠤ ᠶᠢᠨ | ᠲᠦᠯᠦᠭᠡ᠂ ᠰᠢᠯᠢ ᠶᠢᠨ ᠬᠤᠲᠠ ᠶᠢᠨ ᠴᠢᠭᠤᠯᠭᠠᠨ ᠲᠤᠮᠢᠯᠠᠭᠰᠠᠨ ᠰᠠᠯᠪᠤᠷᠢ ᠶᠢᠨ ᠬᠢᠨ ᠤᠶᠢᠷ᠎ᠠ ᠶᠢᠨ ᠡᠳᠤᠷ ᠴᠠᠭᠳᠠᠭ᠎ᠠ ᠨᠠᠷ ᠢᠶᠠᠨ ᠵᠤᠬᠢᠶᠠᠨ ᠪᠠᠶᠢᠭᠤᠯᠵᠦ ᠬᠠᠷᠢᠶ᠎ᠠ | ᠤᠷᠤᠨ ᠲᠤᠭᠤᠷᠢᠭ ᠲᠤ ᠪᠠᠨ ᠵᠠᠷᠯᠠᠯ ᠨᠡᠶᠢᠳᠡᠯᠡᠵᠦ ᠤᠬᠠᠭᠤᠯᠤᠭᠰᠠᠨ ᠪᠠᠶᠢᠨ᠎ᠠ᠃ | | | | | ᠤᠬᠠᠭᠤᠯᠬᠤ ᠠᠵᠢᠯᠯᠠᠭ᠎ᠠ ᠶᠢᠨ ᠲᠤᠮᠳᠠ᠂ ᠴᠠᠭᠳᠠᠭ᠎ᠠ ᠨᠠᠷ ᠬᠦᠮᠤᠨ ᠤᠯᠠᠨ ᠲᠠᠢ ᠬᠤᠳᠠᠯᠳᠤᠭ᠎ᠠ ᠬᠤᠷᠰᠢᠶ᠎ᠠ᠂ ᠵᠠᠬ᠎ᠠ ᠵᠡᠭᠡᠯᠢ ᠪᠠᠷ ᠵᠠᠷᠯᠠᠯ ᠢᠶᠠᠨ ᠨᠠᠭᠠᠬᠤ ᠶᠢᠨ | ᠲᠠᠭᠠᠤ᠂ ᠡᠯ᠎ᠡ ᠨᠡᠶᠢᠭᠡᠮ ᠲᠤᠭᠤᠷᠢᠭ ᠤᠨ ᠴᠠᠭᠳᠠᠭ᠎ᠠ ᠨᠠᠷ ᠦᠪᠡᠷ ᠦᠪᠡᠷ ᠤᠨ ᠬᠠᠷᠢᠶ᠎ᠠ ᠲᠤᠭᠤᠷᠢᠭ ᠲᠤ ᠪᠠᠨ ᠬᠦᠨᠵᠡᠭᠡᠶᠢᠷᠡᠵᠦ᠂ ᠬᠠᠷ᠎ᠠ ᠪᠦᠯᠦᠭᠳᠡᠨ ᠬᠠᠷᠬᠢᠰ | ᠬᠦᠴᠦᠨ ᠢ ᠠᠷᠢᠯᠭᠠᠬᠤ ᠶᠢᠨ ᠬᠦᠨᠳᠦ ᠴᠢᠬᠤᠯᠠ ᠴᠢᠨᠠᠷ ᠢ ᠪᠦᠬᠦ ᠲᠠᠯ᠎ᠠ ᠪᠠᠷ ᠤᠬᠠᠭᠤᠯᠵᠤ᠂ ᠤᠯᠠᠨ ᠲᠦᠮᠡᠨ ᠪᠠ ᠨᠡᠶᠢᠭᠡᠮ ᠤᠨ ᠡᠯ᠎ᠡ ᠡᠳᠡᠭᠡᠳ ᠢ ᠲᠤᠰ ᠲᠤᠰᠬᠠᠢ | ᠠᠵᠢᠯᠯᠠᠭ᠎ᠠ ᠳᠤ ᠢᠳᠡᠪᠬᠢᠳᠠᠢ ᠤᠷᠤᠯᠴᠠᠨ᠂ ᠬᠠᠷ᠎ᠠ ᠪᠦᠯᠦᠭᠳᠡᠨ ᠬᠠᠷᠭᠢᠰ ᠬᠦᠴᠦᠨ ᠳᠤ ᠬᠤᠯᠪᠤᠭᠳᠠᠭᠰᠠᠨ ᠡᠯ᠎ᠡ ᠵᠦᠢᠯ ᠤᠨ ᠬᠠᠤᠯᠢ ᠠᠴᠠ ᠵᠦᠷᠢᠴᠡᠭᠰᠡᠨ ᠶᠠᠯᠠᠳᠤ | ᠠᠵᠢᠯᠯᠠᠭ᠎ᠠ ᠪᠠ ︽ᠭᠠᠴᠠᠭ᠎ᠠ ᠲᠤᠰᠬᠤᠨ ᠤ ᠡᠵᠡᠷᠬᠡᠭᠴᠢ︾᠂ ︽ᠠᠭᠤᠷᠬᠠᠢ ᠶᠢᠨ ᠡᠵᠡᠷᠭᠡᠭᠴᠢ︾ ᠵᠡᠷᠭᠡ ᠠᠰᠠᠭᠤᠳᠠᠯ ᠢᠯᠡᠷᠡᠪᠡᠯ ᠵᠤᠷᠢᠭᠳᠠᠢ ᠢᠯᠡᠴᠢᠯᠡᠨ ᠮᠡᠳᠡᠬᠦᠯᠵᠦ᠂ | ᠨᠡᠶᠢᠭᠡᠮ ᠤᠨ ᠠᠮᠤᠷ ᠲᠦᠪᠰᠢᠨ ᠪᠠ ᠡᠮᠬᠢ ᠲᠢᠭᠯᠢᠮ ᠢ ᠬᠠᠮᠳᠤ ᠪᠠᠷ ᠬᠠᠮᠠᠭᠠᠯᠠᠵᠤ᠂ ᠢᠳᠡᠪᠬᠢᠳᠡᠢ ᠦᠭᠡᠳᠡᠯᠡᠨ ᠲᠠᠪᠰᠢᠬᠤ ᠨᠡᠶᠢᠭᠡᠮ ᠤᠨ ᠬᠡᠪ ᠰᠤᠷᠳᠠᠯ ᠢ ᠬᠠᠮᠳᠤᠪᠠᠷ | ᠴᠢᠷᠮᠠᠶᠢᠨ ᠪᠤᠢ ᠪᠤᠯᠭᠠᠵᠦ᠂ ᠠᠷᠠᠳ ᠴᠠᠭᠳᠠᠭ᠎ᠠ ᠬᠠᠮᠳᠤᠪᠠᠷ ᠤᠷᠤᠯᠴᠠᠵᠦ᠂ ᠬᠠᠮᠳᠤᠪᠠᠷ ᠵᠠᠰᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠤᠯᠭᠠᠪᠠ᠃ | | | | | ᠲᠤᠰ ᠤᠳᠠᠭᠠᠨ ᠤ ᠠᠵᠢᠯᠯᠠᠭ᠎ᠠ ᠳᠤ 3 ᠡᠯᠬᠦᠭᠡ ᠪᠢᠴᠢᠭᠡᠰᠦ ᠬᠠᠳᠠᠬᠤ ᠶᠢᠨ ᠬᠠᠮᠳᠤ᠂ 150 ᠬᠤᠪᠢ ᠵᠠᠷᠯᠠᠯ ᠨᠠᠭᠠᠭᠰᠠᠨ ᠪᠠᠶᠢᠨ᠎ᠠ᠃ ︵ᠰᠢᠯᠢ ᠶᠢᠨ | ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠤᠶᠦᠨᠴᠢᠮᠡᠭ ᠮᠡᠳᠡᠭᠡᠯᠡᠪᠡ︶ | |