ᠰᠢᠯᠢ ᠶᠢᠨ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠴᠢᠭᠤᠯᠭᠠᠨ ᠲᠤᠮᠢᠯᠠᠭᠰᠠᠨ ᠰᠠᠯᠪᠤᠷᠢ ᠨᠢ ︽ᠵᠤᠨ ᠤ ᠤᠯᠠᠷᠢᠯ ᠤᠨ ᠠᠵᠢᠯᠯᠠᠭ᠎ᠠ︾ ᠶᠢ | ᠪᠦᠳᠦᠮᠵᠢᠳᠠᠢ ᠦᠷᠨᠢᠬᠦᠯᠬᠦ ᠶᠢᠨ ᠲᠦᠯᠦᠭᠡ᠂ ᠠᠮᠤᠷ ᠲᠦᠪᠰᠢᠨ ᠤ ᠠᠰᠠᠭᠤᠳᠠᠯ ᠢ ᠰᠡᠷᠭᠡᠶᠢᠯᠡᠨ ᠡᠵᠡᠮᠳᠡᠵᠦ᠂ ᠡᠯ᠎ᠡ ᠲᠦᠷᠦᠯ ᠤᠨ ᠠᠮᠤᠷ ᠲᠦᠪᠰᠢᠨ ᠤ ᠠᠶᠤᠯ | ᠲᠦᠭᠰᠢᠬᠦᠷᠢ ᠶᠢᠨ ᠬᠡᠮ ᠰᠤᠭᠤᠭ ᠢ ᠪᠦᠳᠤᠮᠵᠢᠳᠠᠢ ᠰᠡᠷᠭᠡᠶᠢᠯᠡᠨ ᠠᠷᠢᠯᠭᠠᠵᠦ᠂ ᠠᠮᠤᠷ ᠲᠤᠭᠳᠠᠭᠤᠨ ᠨᠡᠶᠢᠭᠡᠮ ᠤᠨ ᠤᠷᠴᠢᠨ ᠲᠤᠭᠤᠷᠢᠨ ᠢ ᠴᠢᠷᠮᠠᠶᠢᠨ ᠡᠬᠦᠳᠴᠦ | ᠪᠠᠶᠢᠨ᠎ᠠ᠃ | | | | ᠤᠶᠢᠷ᠎ᠠ ᠶᠢᠨ ᠡᠳᠤᠷ ᠴᠢᠭᠤᠯᠭᠠᠨ ᠲᠤᠮᠢᠯᠠᠭᠰᠠᠨ ᠰᠠᠯᠪᠤᠷᠢ ᠨᠢ ᠰᠦᠨᠢ ᠶᠢᠨ ᠪᠠᠶᠢᠴᠠᠭᠠᠯᠳᠠ ᠬᠢᠵᠦ᠂ ᠬᠠᠷᠢᠶ᠎ᠠ ᠲᠤᠭᠤᠷᠢᠭ ᠤᠨ ᠲᠦᠷᠢᠶᠡᠰᠦᠨ ᠭᠡᠷ ᠤᠨ ᠨᠡᠬᠦᠳᠡᠯ | ᠬᠦᠮᠦᠨ ᠠᠮᠠ ᠶᠢᠨ ᠮᠡᠳᠡᠭᠡ ᠵᠠᠩᠭᠢ ᠶᠢ ᠴᠤᠭᠯᠠᠭᠤᠯᠬᠤ ᠠᠵᠢᠯ ᠢ ᠴᠢᠩᠭᠠᠳᠬᠠᠬᠤ ᠶᠢᠨ ᠬᠠᠮᠳᠤ᠂ ᠬᠤᠭᠤᠯᠠᠨ ᠭᠡᠷ᠂ ᠰᠢᠷᠠᠮᠠᠯ ᠢᠳᠡᠭᠡᠨ ᠤ ᠪᠠᠭᠠᠷ ᠵᠡᠷᠭᠡ ᠭᠤᠣᠯ | ᠴᠢᠬᠤᠯᠠ ᠲᠠᠯᠠᠪᠠᠢ ᠪᠠᠷ ᠭᠠᠯ ᠰᠡᠷᠭᠡᠶᠢᠯᠡᠬᠦ ᠠᠮᠤᠷ ᠲᠦᠪᠰᠢᠨ ᠤ ᠪᠠᠶᠢᠴᠠᠭᠠᠯᠳᠠ ᠬᠢᠵᠦ᠂ ᠠᠮᠤᠷ ᠲᠦᠪᠰᠢᠨ ᠤ ᠲᠠᠯᠳᠠ ᠭᠡᠮ ᠢ ᠠᠷᠢᠯᠭᠠᠪᠠ᠃ ᠬᠠᠷᠢᠶ᠎ᠠ ᠲᠤᠭᠤᠷᠢᠭ ᠤᠨ | ᠵᠤᠴᠢᠳ ᠤᠨ ᠪᠠᠭᠤᠳᠠᠯ ᠤᠨ ᠪᠤᠳᠠᠳᠤ ᠨᠡᠷ᠎ᠡ ᠪᠠᠷ ᠲᠡᠮᠳᠡᠭᠯᠡᠭᠰᠡᠨ ᠡᠰᠡᠬᠦ᠂ ᠨᠠᠰᠤᠨ ᠳᠤ ᠦᠯᠦ ᠬᠦᠷᠦᠭᠰᠡᠳ ᠤᠨ ᠪᠠᠭᠤᠳᠠᠯ ᠳᠤ ᠰᠠᠭᠤᠬᠤ ︽ᠲᠠᠪᠤᠨ ᠡᠷᠭᠡᠪᠰᠢ︾᠂ | ︽ᠲᠦᠷᠪᠡᠨ ᠮᠡᠳᠡᠬᠦᠯᠬᠦ︾ ᠲᠦᠷᠢᠮ ᠢ ᠲᠤᠭᠳᠠᠭᠠᠯ ᠶᠤᠰᠤᠭᠠᠷ ᠭᠦᠢᠴᠡᠳᠭᠡᠭᠰᠡᠨ ᠡᠰᠡᠬᠦ᠂ ᠵᠤᠭ᠎ᠠ ᠴᠡᠩᠭᠡᠯ ᠤᠨ ᠭᠠᠵᠠᠷ᠂ ᠰᠦᠯᠵᠢᠶᠡᠨ ᠤ ᠪᠠᠭᠠᠷ᠂ ᠤᠬᠢᠶᠠᠯᠭ᠎ᠠ ᠶᠢᠨ | ᠭᠠᠵᠠᠷ᠂ ᠢᠯᠢᠵᠦ ᠨᠤᠬᠤᠯᠠᠬᠤ ᠭᠠᠵᠠᠷ ᠢᠶᠠᠷ ︽ᠱᠠᠯᠢᠭ ᠵᠠᠪᠬᠠᠢ᠂ ᠵᠤᠭᠤᠰ ᠮᠦᠷᠦ᠋ᠢᠴᠡᠬᠦ᠂ ᠬᠤᠤᠷ᠎ᠠ ᠲᠠᠳᠠᠬᠤ︾ ᠵᠡᠷᠭᠡ ᠬᠠᠤᠯᠢ ᠵᠦᠷᠢᠴᠡᠭᠰᠡᠨ ᠶᠠᠯᠠᠳᠤ ᠠᠵᠢᠯᠯᠠᠭ᠎ᠠ | ᠪᠠᠶᠢᠬᠤ ᠡᠰᠡᠬᠦ ᠶᠢ ᠪᠠᠶᠢᠴᠠᠭᠠᠬᠤ ᠠᠵᠢᠯ ᠢ ᠴᠢᠩᠭᠠᠳᠬᠠᠨ᠂ ᠬᠠᠤᠯᠢ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠦ᠂ ᠤᠯᠠᠨ ᠲᠦᠮᠡᠨ ᠤ | ᠲᠤᠳᠤᠭᠠᠳᠤ ᠶᠢ ᠬᠠᠮᠠᠭᠠᠯᠠᠬᠤ ᠠᠵᠢᠯ ᠳᠤ ᠬᠠᠨᠤᠮᠵᠢᠲᠠᠢ ᠪᠠᠶᠢᠬᠤ ᠰᠡᠳᠬᠢᠯᠭᠡ ᠶᠢ ᠦᠷᠭᠦᠯᠵᠢᠯᠡᠨ ᠨᠡᠮᠡᠭᠳᠡᠬᠦᠯᠵᠦ ᠪᠠᠶᠢᠨ᠎ᠠ᠃ ︵ᠰᠢᠯᠢ ᠶᠢᠨ ᠬᠤᠳᠠ ᠶᠢᠨ | ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠤᠶᠦᠨᠴᠢᠮᠡᠭ ᠮᠡᠳᠡᠭᠡᠯᠡᠪᠡ︶ |