ᠬᠦᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠳᠠᠷᠤᠭ᠎ᠠ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠰᠢᠭᠤᠳ ᠨᠡᠪᠲᠡᠷᠡᠭᠦᠯᠭᠡ ᠳᠤ ᠣᠷᠣᠯᠴᠠᠪᠠ
ᠨᠡᠶᠢᠲᠡᠯᠡᠭᠰᠡᠨ ᠴᠠᠭ᠄
2024/9/26
      ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠡᠬᠢᠯᠡᠭᠦᠯᠦᠭᠰᠡᠨ ᠠᠴᠠ ᠨᠠᠭᠠᠰᠢ᠂ ᠬᠦᠬᠡᠬᠤᠲᠠ ᠶᠢᠨ ᠰᠢᠨ᠎ᠡ ᠬᠤᠲᠠ ᠲᠣᠭᠤᠷᠢᠭ ᠳᠠᠰᠤᠷᠠᠯᠲᠠ ᠦᠭᠡᠢ ᠰᠢᠨ᠎ᠡ ᠶᠢ ᠡᠭᠦᠳᠴᠦ᠂ ᠬᠠᠤᠯᠢ ᠪᠠᠷ ᠵᠠᠰᠠᠬᠤ ᠰᠣᠶᠣᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠲᠦᠷᠥᠯ ᠬᠤᠪᠢᠶᠠᠨ ᠠᠷᠠᠭ᠎ᠠ ᠪᠣᠳᠣᠯᠭ᠎ᠠ ᠬᠡᠷᠡᠭᠵᠢᠭᠦᠯᠵᠦ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠦᠯᠲᠡ ᠶᠢ ᠠᠬᠢᠭᠤᠯᠤᠨ᠂ ᠠᠷᠠᠳ ᠢᠷᠭᠡᠳ ᠤᠨ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠬᠠᠤᠯᠢ ᠪᠠᠷ ᠵᠠᠰᠠᠬᠤ ᠰᠢᠨ᠎ᠡ ᠬᠤᠲᠠ ᠶᠢ ᠪᠦᠲᠦᠭᠡᠨ ᠪᠠᠶᠢᠭᠤᠯᠵᠠᠢ᠃
微信图片_20240926162822.jpg
       ᠣᠳᠣᠬᠠᠨ ᠳᠤ᠂ ᠰᠢᠨ᠎ᠡ ᠬᠤᠲᠠ ᠲᠣᠭᠤᠷᠢᠭ ᠲᠤ ᠬᠠᠤᠯᠢ ᠪᠠᠷ ᠵᠠᠰᠠᠬᠤ ᠰᠣᠶᠣᠯ ᠤᠨ ᠠᠵᠢᠯᠯᠠᠭᠠᠨ ᠤ ᠲᠠᠯᠠᠪᠠᠢ 3᠂  ᠬᠠᠤᠯᠢ ᠲᠦᠭᠡᠮᠡᠯᠵᠢᠭᠦᠯᠬᠦ ᠭᠤᠣᠯ ᠵᠢᠭᠰᠠᠭᠠᠯ ᠤᠨ ᠭᠠᠵᠠᠷ 4 ᠪᠣᠯᠵᠤ᠂ ᠲᠤᠰᠬᠤᠨ ᠪᠦᠷᠢ ᠳᠤ ᠬᠠᠤᠯᠢ ᠪᠠᠷ ᠵᠠᠰᠠᠬᠤ ᠰᠣᠶᠣᠯ ᠤᠨ ᠵᠢᠭᠰᠠᠭᠠᠯ ᠤᠨ ᠭᠠᠵᠠᠷ ᠲᠠᠢ ᠪᠣᠯᠣᠭᠰᠠᠨ ᠪᠠᠶᠢᠨ᠎ᠠ᠃
ᠢᠷᠡᠯᠲᠡ᠄ ᠬᠦᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ