ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ᠂ ᠪᠥᠬᠦ ᠤᠯᠤᠰ ᠤᠨ ᠰᠦᠢᠳᠬᠡᠯ ᠬᠤᠷᠢᠶᠠᠬᠤ ᠵᠠᠰᠠᠮᠠᠯ ᠵᠠᠮ ᠨᠢ ᠵᠢᠵᠢᠭ ᠬᠡᠯᠪᠡᠷᠢ ᠶᠢᠨ | ᠠᠶᠠᠨᠴᠢᠳ ᠤᠨ ᠮᠠᠰᠢᠨ ᠲᠡᠷᠭᠡᠨ ᠠᠴᠠ ᠰᠦᠢᠳᠬᠡᠯ ᠬᠤᠷᠢᠶᠠᠬᠤ ᠥᠬᠡᠶ᠂ ᠰᠦᠢᠳᠬᠡᠯ ᠬᠤᠷᠢᠶᠠᠬᠤ ᠥᠬᠡᠶ ᠴᠠᠭ ᠨᠢ 10 ᠰᠠᠷ᠎ᠠ ᠶᠢᠨ 1 ᠤ ᠡᠳᠦᠷ ᠤᠨ 0 | ᠴᠠᠭ ᠠᠴᠠ 10 ᠰᠠᠷ᠎ᠠ ᠶᠢᠨ 7 ᠤ ᠡᠳᠦᠷ ᠤᠨ 24 ᠴᠠᠭ ᠪᠣᠯᠤᠨ᠎ᠠ᠂ ᠡᠭᠦᠨ ᠳᠤ ᠮᠠᠰᠢᠨ ᠲᠡᠷᠭᠡᠨ ᠤ ᠰᠦᠢᠳᠬᠡᠯ ᠬᠤᠷᠢᠶᠠᠬᠤ ᠥᠷᠲᠡᠭᠡᠨ ᠤ ᠰᠦᠢᠳᠬᠡᠯ ᠬᠤᠷᠢᠶᠠᠬᠤ | ᠵᠠᠮ ᠢᠶᠠᠷ ᠭᠠᠷᠬᠤ ᠴᠠᠭ ᠢᠶᠠᠷ ᠪᠠᠷᠢᠮᠵᠢᠶ᠎ᠠ ᠪᠣᠯᠭᠠᠨ᠎ᠠ᠃ | ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠠᠬᠢ ᠵᠠᠮ ᠬᠠᠷᠢᠯᠴᠠᠭᠠᠨ ᠤ ᠠᠮᠤᠷ ᠲᠦᠪᠰᠢᠨ ᠰᠠᠭᠠᠳ ᠦᠭᠡᠶ ᠨᠡᠪᠲᠡᠷᠡᠬᠦ ᠶᠢ ᠪᠠᠲᠤᠯᠠᠬᠤ ᠶᠢᠨ | ᠲᠥᠯᠥᠭᠡ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠠᠴᠠ ᠪᠦᠬᠦ ᠣᠷᠣᠨ ᠤ ᠵᠠᠮ | ᠬᠠᠷᠢᠯᠴᠠᠭᠠᠨ ᠤ ᠲᠡᠷᠭᠡᠨ ᠤ ᠤᠷᠤᠰᠬᠠᠯ ᠤᠨ ᠲᠥᠪᠯᠡᠷᠡᠨ ᠨᠡᠪᠲᠡᠷᠡᠬᠦ ᠵᠠᠮ ᠤᠨ ᠬᠡᠰᠡᠭ᠂ ᠴᠠᠭ ᠤᠨ ᠬᠡᠰᠡᠭ᠂ ᠠᠳᠡᠯ ᠭᠠᠷᠬᠤ ᠳᠠᠯᠳᠠ ᠭᠡᠮ ᠤᠨ ᠬᠡᠰᠡᠭ᠂ ᠴᠠᠭ | ᠠᠭᠤᠷ ᠤᠨ ᠪᠠᠶᠢᠳᠠᠯ ᠵᠡᠷᠭᠡ ᠠᠭᠤᠯᠭ᠎ᠠ ᠲᠠᠢ ᠤᠶᠠᠯᠳᠤᠭᠤᠯᠤᠨ᠂ ᠡᠯ᠎ᠡ ᠭᠠᠵᠠᠷ ᠤᠨ ᠦᠵᠡᠮᠵᠢ ᠶᠢᠨ ᠣᠷᠣᠨ᠂ ᠬᠤᠳᠠᠯᠳᠤᠭᠠᠨ ᠤ ᠲᠣᠭᠤᠷᠢᠭ ᠵᠡᠷᠭᠡ ᠭᠠᠵᠠᠷ ᠤᠨ | ᠲᠡᠷᠭᠡ ᠬᠥᠰᠬᠡ ᠶᠢᠨ ᠶᠠᠪᠤᠬᠤ ᠶᠢ ᠴᠠᠭᠠᠵᠠᠯᠠᠬᠤ᠂ ᠲᠡᠷᠭᠡ ᠵᠣᠭᠰᠣᠭᠠᠬᠤ ᠣᠷᠣᠨ᠂ ᠲᠣᠭᠤᠷᠢᠵᠤ ᠶᠠᠪᠤᠬᠤ ᠠᠷᠭ᠎ᠠ ᠵᠡᠷᠭᠡ ᠵᠠᠮ ᠬᠠᠷᠢᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠠᠷᠭ᠎ᠠ ᠬᠡᠮᠵᠢᠶ᠎ᠡ ᠶᠢ ᠶᠡᠷᠦᠩᠬᠡᠶᠢᠯᠡᠨ᠂ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠤ ᠵᠠᠮ ᠬᠠᠷᠢᠯᠴᠠᠭᠠᠨ ᠤ ᠠᠮᠤᠷ ᠲᠦᠪᠰᠢᠨ ᠢᠶᠠᠷ | ᠭᠠᠳᠠᠭᠰᠢ ᠭᠠᠷᠬᠤ ᠳᠤ ︽ᠬᠤᠶᠠᠷ ᠵᠠᠷᠯᠠᠯ ᠨᠢᠭᠡ ᠰᠠᠨᠠᠭᠤᠯᠤᠮᠵᠢ︾ ᠶᠢ ᠤᠷᠢᠳᠴᠢᠯᠠᠨ ᠨᠡᠶᠢᠲᠡᠯᠡᠵᠦ᠂ ᠥᠷᠭᠡᠨ ᠣᠯᠠᠨ ᠵᠠᠮ ᠬᠠᠷᠢᠯᠴᠠᠭᠠᠨ ᠤ ᠣᠷᠣᠯᠴᠠᠭᠰᠠᠳ ᠲᠤ | ᠭᠠᠳᠠᠭᠰᠢ ᠭᠠᠷᠬᠤ ᠴᠠᠭ᠂ ᠭᠠᠳᠠᠭᠰᠢ ᠭᠠᠷᠬᠤ ᠵᠠᠮ ᠱᠤᠭᠤᠮ ᠪᠠ ᠭᠠᠳᠠᠭᠰᠢ ᠭᠠᠷᠬᠤ ᠠᠷᠭ᠎ᠠ ᠮᠠᠶ᠋ᠢᠭ ᠢᠶᠠᠨ ᠵᠣᠬᠢᠰᠲᠠᠶ ᠰᠣᠩᠭᠤᠵᠤ᠂ ᠴᠠᠭ ᠠᠭᠤᠷ ᠤᠨ ᠪᠠᠶᠢᠳᠠᠯ | ᠮᠠᠭᠤᠳᠠᠬᠤ ᠶᠢ ᠰᠡᠷᠡᠮᠵᠢᠯᠡᠨ᠂ ᠠᠶᠤᠯ ᠦᠭᠡᠢ ᠪᠠᠷ ᠲᠡᠷᠭᠡ ᠵᠢᠯᠣᠭᠤᠳᠴᠤ᠂ ᠪᠣᠯᠪᠠᠰᠤᠨ ᠬᠠᠤᠯᠢ ᠶᠢ ᠰᠠᠬᠢᠵᠤ᠂ ᠠᠮᠤᠷ ᠲᠦᠪᠰᠢᠨ ᠢᠶᠠᠷ ᠬᠡᠷ ᠲᠤ ᠪᠠᠨ ᠬᠠᠷᠢᠬᠤ ᠶᠢ | ᠪᠠᠲᠤᠯᠠᠬᠤ ᠬᠡᠷᠡᠭᠲᠡᠶ ᠭᠡᠵᠦ ᠰᠠᠨᠠᠭᠤᠯᠪᠠ᠃ |