ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠬᠠᠮᠢᠶᠠᠷᠤᠯᠲᠠ ᠶᠢᠨ ᠲᠦᠷᠢᠮ ︵ᠲᠥᠰᠦᠯ ᠤᠨ ᠰᠠᠨᠠᠯ ᠬᠤᠷᠢᠶᠠᠬᠤ ᠨᠣᠤᠷᠠᠭ︶︾ ᠤᠨ ᠬᠠᠤᠯᠢ ᠲᠣᠭᠲᠠᠭᠠᠬᠤ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/4
      ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠬᠠᠤᠯᠢ ᠲᠣᠭᠲᠠᠭᠠᠬᠤ ᠠᠵᠢᠯ ᠤᠨ ᠲᠤᠬᠠᠶ ᠨᠡᠶᠢᠭᠡᠮ ᠤᠨ ᠡᠯ᠎ᠡ ᠡᠲᠡᠭᠡᠳ ᠤᠨ ᠰᠠᠨᠠᠯ ᠰᠠᠨᠠᠭᠤᠯᠭ᠎ᠠ ᠶᠢ ᠭᠦᠢᠴᠡᠳ ᠰᠤᠨᠤᠰᠬᠤ᠂ ᠬᠠᠤᠯᠢ ᠲᠣᠭᠲᠠᠭᠠᠬᠤ ᠳᠤ ᠠᠷᠠᠳ ᠤᠨ ᠰᠠᠨᠠᠯ ᠢ ᠨᠡᠩ ᠰᠠᠶᠢᠨ ᠰᠤᠨᠤᠰᠬᠤ᠂ ᠠᠷᠠᠳ ᠤᠨ ᠪᠠᠶᠢᠳᠠᠯ ᠢ ᠢᠯᠡᠷᠡᠭᠦᠯᠬᠦ᠂ ᠠᠷᠠᠳ ᠤᠨ ᠣᠶᠤᠨ ᠤᠬᠠᠭᠠᠨ ᠢ ᠬᠤᠷᠠᠮᠳᠤᠭᠤᠯᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠤᠯᠢ ᠲᠣᠭᠲᠠᠭᠠᠬᠤ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠤᠨ ᠲᠥᠰᠦᠯ ᠢ ᠲᠣᠭᠲᠠᠭᠠᠬᠤ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠲᠣᠭᠲᠠᠭᠠᠬᠤ ᠵᠢᠷᠤᠮ ᠤᠨ ᠲᠣᠭᠲᠠᠭᠠᠯ︾ ᠵᠡᠷᠭᠡ ᠬᠠᠮᠢᠶ᠎ᠠ ᠪᠦᠬᠦᠢ ᠬᠠᠤᠯᠢ ᠲᠣᠭᠲᠠᠭᠠᠯ ᠢ ᠦᠨᠳᠦᠰᠦᠯᠡᠨ᠂ 2024 ᠣᠨ ᠤ 8 ᠳ᠋ᠤᠭᠠᠷ ᠰᠠᠷ᠎ᠠ ᠶᠢᠨ 23 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠬᠠᠮᠢᠶᠠᠷᠤᠯᠲᠠ ᠶᠢᠨ ᠲᠦᠷᠢᠮ ︵ᠲᠥᠰᠦᠯ ᠤᠨ ᠰᠠᠨᠠᠯ ᠬᠤᠷᠢᠶᠠᠬᠤ ᠨᠣᠤᠷᠠᠭ︶︾ ︵ᠠᠷᠤ ᠳᠤ ︽ᠲᠥᠰᠦᠯ︾ ᠭᠡᠵᠦ ᠲᠣᠪᠴᠢᠯᠠᠨ᠎ᠠ︶ ᠤᠨ ᠬᠠᠤᠯᠢ ᠲᠣᠭᠲᠠᠭᠠᠬᠤ ᠭᠡᠷᠡᠴᠢᠯᠡᠭᠡ ᠰᠣᠨᠣᠰᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠵᠤ᠂ ᠬᠤᠷᠠᠯ ᠢ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠵᠠᠩ ᠯᠢ ᠴᠢᠩ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠠᠤᠯᠢ ᠴᠠᠭᠠᠵᠠ ᠶᠢᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ ᠵᠡᠷᠭᠡ ᠭᠡᠷᠡᠴᠢᠯᠡᠭᠡ ᠰᠣᠨᠣᠰᠤᠭᠴᠢ ᠶᠢᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠷᠦᠩᠬᠡᠶ ᠠᠩᠭᠢ᠂ ᠬᠡᠷᠡᠭᠯᠡᠭᠴᠢᠳ ᠤᠨ ᠨᠡᠶᠢᠭᠡᠮᠯᠢᠭ ᠵᠢᠴᠢ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠣᠷᠣᠯᠠᠭᠤᠯᠬᠤ ᠬᠤᠳᠠᠯᠳᠤᠭᠠᠴᠢᠨ᠂ ᠲᠦᠷᠢᠶᠡᠰᠦᠯᠡᠬᠦ ᠬᠤᠳᠠᠯᠳᠤᠭᠠᠴᠢᠨ ᠤ ᠠᠵᠤ ᠠᠬᠤᠶᠢᠯᠠᠯ ᠵᠡᠷᠭᠡ ᠲᠣᠭᠠᠴᠢᠭᠴᠢ ᠶᠢᠨ ᠲᠥᠯᠥᠭᠡᠯᠡᠭᠴᠢ ᠬᠤᠷᠠᠯ ᠳᠤ ᠣᠷᠣᠯᠴᠠᠪᠠ᠃ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ᠂ ᠶᠡᠭᠡ ᠳᠡᠭᠡᠳᠦ ᠰᠤᠷᠭᠠᠭᠤᠯᠢ᠂ ᠬᠠᠤᠯᠢᠴᠢ᠂ ᠨᠡᠶᠢᠭᠡᠮ ᠲᠣᠭᠤᠷᠢᠭ᠂ ᠠᠳᠠᠯ ᠠᠬᠤᠶ ᠪᠠ ᠲᠦᠷᠭᠡᠨ ᠬᠦᠷᠭᠡᠯᠲᠡ ᠵᠠᠬᠢᠶᠠᠯᠠᠭ᠎ᠠ ᠶᠢᠨ ᠬᠤᠭᠤᠯᠠ ᠵᠡᠷᠭᠡ ᠠᠵᠤ ᠠᠬᠤᠶᠢᠯᠠᠯ ᠤᠳ ᠠᠵᠢᠯᠲᠠᠨ ᠲᠣᠮᠢᠯᠠᠨ ᠰᠤᠯᠠ ᠣᠷᠣᠯᠴᠠᠭᠤᠯᠵᠤ ᠰᠤᠯᠠ ᠰᠣᠨᠣᠰᠪᠠ᠃
1.jpg
      ᠬᠤᠷᠠᠯᠳᠤᠭᠠᠨ ᠠᠴᠠ ᠲᠣᠰ ᠤᠳᠠᠭᠠᠨ ᠤ ᠭᠡᠷᠡᠴᠢᠯᠡᠭᠡ ᠰᠣᠨᠣᠰᠬᠤ ᠬᠤᠷᠠᠯ ᠢ ᠬᠤᠷᠠᠯᠳᠤᠭᠤᠯᠤᠭᠰᠠᠨ ᠵᠣᠷᠢᠯᠭ᠎ᠠ᠂ ᠠᠴᠢ ᠬᠤᠯᠪᠣᠭᠳᠠᠯ ᠪᠣᠯᠤᠨ ᠬᠤᠷᠠᠯ ᠳᠤ ᠣᠷᠣᠯᠴᠠᠭᠰᠠᠳ ᠤᠨ ᠦᠨᠳᠦᠰᠦᠨ ᠪᠠᠶᠢᠳᠠᠯ ᠢ ᠲᠣᠪᠴᠢ ᠲᠠᠨᠢᠯᠴᠠᠭᠤᠯᠬᠤ ᠶᠢᠨ ᠬᠠᠮᠲᠤ ︽ᠲᠥᠰᠦᠯ︾ ᠢ ᠲᠣᠭᠲᠠᠭᠠᠭᠰᠠᠨ ᠶᠠᠪᠤᠴᠠ ᠪᠣᠯᠤᠨ ᠭᠡᠷᠡᠴᠢᠯᠡᠭᠡ ᠰᠣᠨᠣᠰᠬᠤ ᠵᠦᠢᠯᠡᠰ ᠤᠨ ᠲᠤᠬᠠᠶ ᠲᠣᠳᠣᠷᠬᠠᠶᠢᠯᠠᠯᠲᠠ ᠬᠢᠪᠠ᠃ ᠡᠯ᠎ᠡ ᠲᠣᠭᠠᠴᠢᠭᠴᠢ ᠶᠢᠨ ᠲᠥᠯᠥᠭᠡᠯᠡᠭᠴᠢ ᠲᠤᠬᠠᠶᠢᠯᠠᠭᠰᠠᠨ ᠠᠵᠢᠯ ᠤᠨ ᠡᠭᠦᠷᠭᠡ ᠴᠢᠳᠠᠪᠤᠷᠢ᠂ ᠠᠵᠢᠯ ᠲᠥᠷᠥᠯ ᠤᠨ ᠣᠨᠴᠠᠯᠢᠭ ᠪᠠ ᠲᠣᠰ ᠪᠡᠶ᠎ᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠲᠥᠰᠦᠯ︾ ᠳᠤ ᠰᠢᠨ᠎ᠡ ᠪᠠᠷ ᠭᠠᠷᠭᠠᠭᠰᠠᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠬᠠᠶᠠᠭᠳᠠᠮᠠᠯ ᠬᠠᠭᠤᠴᠢᠨ ᠴᠠᠬᠢᠯᠭᠠᠨ ᠬᠤᠷᠢᠶᠠᠭᠤᠷ ᠢ ᠬᠤᠷᠢᠶᠠᠨ ᠠᠪᠬᠤ ᠪᠠ ᠬᠠᠮᠢᠶᠠᠷᠬᠤ᠂ ᠲᠡᠮᠳᠡᠭᠯᠡᠨ ᠫᠠᠶᠢᠰᠠ ᠡᠯᠭᠦᠬᠦ᠂ ᠰᠢᠯᠵᠢᠯᠲᠡ ᠶᠢᠨ ᠬᠤᠭᠤᠴᠠᠭᠠᠨ ᠤ ᠲᠣᠬᠢᠷᠠᠭᠤᠯᠤᠯᠲᠠ ᠪᠠ ᠲᠥᠪᠯᠡᠷᠡᠭᠦᠯᠦᠨ ᠴᠡᠨᠡᠭᠯᠡᠬᠦ ᠦᠨ᠎ᠡ ᠵᠡᠷᠭᠡ ᠠᠷᠠᠳ ᠣᠯᠠᠨ ᠤ ᠠᠰᠢᠭ ᠲᠤᠰᠠ ᠲᠠᠢ ᠨᠢᠭᠲᠠ ᠬᠤᠯᠪᠣᠭ᠎ᠠ ᠲᠠᠢ ᠠᠭᠤᠯᠭ᠎ᠠ ᠶᠢᠨ ᠲᠣᠭᠤᠷᠢᠨ ᠳᠤ ᠦᠵᠡᠯᠲᠡ ᠪᠠᠨ ᠢᠯᠡᠳᠬᠡᠬᠦ ᠶᠢᠨ ᠬᠠᠮᠲᠤ ᠰᠠᠨᠠᠯ ᠢᠶᠠᠨ ᠰᠣᠯᠢᠯᠴᠠᠨ᠎ᠠ᠃
2.jpg
      ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠵᠠᠩ ᠯᠢ ᠴᠢᠩ ᠨᠡᠶᠢᠭᠡᠮ ᠤᠨ ᠡᠯ᠎ᠡ ᠡᠲᠡᠭᠡᠳ ᠤᠨ ᠬᠢᠨ ᠤ ᠪᠦᠬᠦ ᠣᠷᠣᠨ ᠤ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢᠨ ᠬᠠᠤᠯᠢ ᠲᠣᠭᠲᠠᠭᠠᠬᠤ ᠠᠵᠢᠯ ᠢ ᠤᠢᠢᠯᠠᠭᠠᠨ ᠳᠡᠮᠵᠢᠭᠰᠡᠭᠡᠷ ᠢᠷᠡᠭᠰᠡᠨ ᠪᠠ ᠡᠯ᠎ᠡ ᠲᠥᠯᠥᠭᠡᠯᠡᠭᠴᠢᠳ ᠤᠨ ᠳᠤᠷᠠᠳᠤᠭᠰᠠᠨ ᠰᠠᠨᠠᠯ ᠰᠠᠨᠠᠭᠤᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠡᠭᠦᠨ ᠤ ᠬᠠᠮᠲᠤ ᠪᠤᠢ ᠪᠦᠬᠦᠢ ᠰᠠᠨᠠᠯ ᠢ ᠲᠦᠷᠦᠯ ᠬᠤᠪᠢᠶᠠᠨ ᠡᠮᠬᠢᠯᠡᠵᠦ᠂ ᠪᠣᠯᠤᠮᠵᠢ ᠶᠢᠨ ᠴᠢᠨᠠᠷᠲᠠᠢ ᠰᠠᠨᠠᠯ ᠢ ᠬᠦᠯᠢᠶᠡᠨ ᠠᠪᠴᠤ᠂ ︽ᠲᠥᠰᠦᠯ︾ ᠳᠤ ᠤᠯᠠᠮ ᠴᠢᠨᠠᠭᠰᠢᠳᠠ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ︽ᠲᠥᠰᠦᠯ︾ ᠤᠨ ᠠᠷᠠᠳ ᠤᠯᠠᠨ ᠤ ᠬᠦᠰᠡᠯ ᠰᠠᠨᠠᠭ᠎ᠠ ᠶᠢ ᠦᠨᠡᠨ ᠪᠣᠳᠠᠲᠠᠢ᠂ ᠪᠦᠷᠢᠨ ᠪᠦᠲᠦᠨ᠂ ᠪᠦᠬᠦ ᠲᠠᠯ᠎ᠠ ᠪᠠᠷ ᠲᠤᠰᠬᠠᠬᠤ ᠶᠢ ᠪᠠᠲᠤᠯᠠᠵᠤ᠂ ᠠᠷᠠᠳ ᠤᠨ ᠠᠮᠢᠳᠤᠷᠠᠯ ᠤᠨ ᠳᠥᠭᠦᠮ ᠦᠵᠡᠭᠦᠯᠵᠦ ᠠᠰᠢᠭ ᠬᠦᠷᠲᠡᠭᠡᠬᠦ ᠳᠤ ᠪᠠᠲᠤ ᠴᠢᠩᠭ᠎ᠠ ᠬᠦᠴᠦᠲᠡᠢ ᠬᠠᠤᠯᠢᠵᠢᠯ ᠤᠨ ᠪᠠᠲᠤᠯᠠᠭ᠎ᠠ ᠬᠠᠩᠭᠠᠨ᠎ᠠ᠃ ᠲᠣᠰ ᠤᠳᠠᠭᠠᠨ ᠤ ᠭᠡᠷᠡᠴᠢᠯᠡᠭᠡ ᠰᠣᠨᠣᠰᠬᠤ ᠬᠤᠷᠠᠯ ᠢ ᠬᠤᠷᠠᠯᠳᠤᠭᠤᠯᠤᠭᠰᠠᠨ ᠨᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠢ ᠲᠣᠭᠲᠠᠭᠠᠬᠤ ᠳᠤ ᠵᠠᠪᠠᠯ ᠥᠩᠭᠡᠷᠡᠭᠡᠬᠦ ᠵᠢᠷᠤᠮ ᠪᠣᠯᠬᠤ ᠪᠠᠷ ᠪᠠᠷᠠᠬᠤ ᠥᠬᠡᠶ᠂ ᠨᠠᠩ ᠴᠤ ᠬᠠᠤᠯᠢ ᠲᠣᠭᠲᠠᠭᠠᠬᠤ ᠶᠠᠪᠤᠴᠠ ᠳᠤ ᠠᠷᠠᠳ ᠲᠦᠮᠡᠨ ᠤ ᠬᠦᠰᠡᠯ ᠵᠣᠷᠢᠭ ᠢ ᠭᠦᠢᠴᠡᠳ ᠢᠯᠡᠷᠡᠭᠦᠯᠵᠦ᠂ ᠨᠡᠶᠢᠭᠡᠮ ᠵᠢᠷᠤᠮ ᠤᠨ ᠠᠷᠠᠳᠴᠢᠯᠠᠯ ᠢ ᠪᠠᠳᠠᠷᠠᠭᠤᠯᠬᠤ ᠠᠮᠢᠳᠤᠯᠢᠭ ᠦᠢᠯᠡᠳᠦᠯᠭᠡ ᠪᠣᠯᠬᠤ ᠶᠤᠮ᠃ ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠦᠷᠭᠦᠯᠵᠢᠯᠡᠨ ᠰᠢᠨᠵᠢᠯᠡᠬᠦ ᠤᠬᠠᠭᠠᠨᠴᠢ᠂ ᠠᠷᠠᠳᠴᠢᠯᠠᠯ ᠲᠠᠢ᠂ ᠢᠯᠡ ᠪᠠᠶᠢᠯᠭᠠᠬᠤ ᠵᠠᠷᠴᠢᠮ ᠢ ᠪᠠᠷᠢᠮᠲᠠᠯᠠᠨ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠬᠠᠤᠯᠢ ᠲᠣᠭᠲᠠᠭᠠᠬᠤ ᠠᠵᠢᠯ ᠢ ᠥᠷᠨᠢᠭᠦᠯᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠥᠪᠡᠷ ᠥᠪᠡᠷ ᠤᠨ ᠰᠠᠨᠠᠯ ᠢᠶᠠᠨ ᠶᠠᠷᠢᠵᠤ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠴᠢᠨᠠᠷ ᠰᠠᠶᠢᠲᠠᠶ ᠬᠠᠤᠯᠢ ᠲᠣᠭᠲᠠᠭᠠᠬᠤ ᠶᠢ ᠬᠠᠮᠲᠤᠪᠠᠷ ᠳᠥᠯᠭᠢᠨ ᠠᠬᠢᠭᠤᠯᠬᠤ ᠶᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃
ᠢᠷᠡᠯᠲᠡ᠄ ᠦᠪᠦᠷ ᠮᠤᠩᠭᠤᠯ ᠤᠨ ᠲᠤᠳᠤᠭᠠᠳᠦ ᠶᠢᠨ ᠬᠠᠮᠠᠭᠠᠯᠠᠬᠤ ᠲᠢᠩᠬᠢᠮ