8 ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠳᠤ ᠥᠪᠡᠷᠲᠡᠭᠡᠨ ᠵᠠᠰᠠᠬᠤ ᠣᠷᠣᠨ ᠤ | ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠪᠠᠶᠢᠩᠭᠤ ᠶᠢᠨ ᠳᠡᠳ᠋ | ᠳᠠᠷᠤᠭ᠎ᠠ ᠯᠢᠦ ᠬᠤᠩ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ | ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠬᠤ᠂ ︽ᠲᠣᠭᠲᠠᠭᠠᠯ︾ ᠳᠤ ᠳᠤᠷᠠᠳᠤᠭᠰᠠᠨ ᠥᠭᠡᠷᠡᠴᠢᠯᠡᠯᠲᠡ ᠶᠢ ᠴᠢᠨᠠᠭᠰᠢᠳᠠ | ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠣᠨᠣᠪᠴᠢᠲᠠᠢ ᠣᠶᠢᠯᠠᠭᠠᠬᠤ ᠵᠡᠷᠭᠡ ᠲᠠᠯ᠎ᠠ ᠪᠠᠷ ᠲᠠᠶᠢᠯᠤᠮᠵᠢ ᠬᠢᠵᠡᠢ᠃ | ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠰᠢᠨ᠎ᠡ ᠠᠶᠠᠨ ᠤ ᠡᠯ᠎ᠡ ᠵᠦᠢᠯ ᠤᠨ ᠡᠭᠦᠷᠭᠡ ᠬᠠᠷᠢᠭᠤᠴᠠᠯᠭ᠎ᠠ ᠶᠢ ᠪᠠᠲᠤ ᠡᠵᠡᠮᠳᠡᠵᠦ᠂ ᠡᠬᠡ | ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢᠨ ᠬᠠᠮᠠᠭᠠᠯᠠᠭᠴᠢ ᠪᠣᠯᠬᠤ ᠬᠡᠷᠡᠭᠲᠡᠢ︔ ᠴᠢᠨᠠᠷ ᠰᠠᠶᠢᠲᠠᠢ ᠬᠥᠭᠵᠢᠯᠲᠡ ᠶᠢᠨ ᠲᠡᠷᠢᠭᠦᠨ | ᠴᠢᠬᠤᠯᠠ ᠡᠭᠦᠷᠭᠡ ᠶᠢ ᠪᠠᠲᠤ ᠡᠵᠡᠮᠳᠡᠵᠦ᠂ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠶᠢᠨ ᠪᠠᠲᠤᠯᠠᠭᠴᠢ ᠪᠣᠯᠬᠤ ᠬᠡᠷᠡᠭᠲᠡᠢ︔ ᠨᠠᠮ ᠢ | ᠴᠢᠩᠭ᠎ᠠ ᠬᠠᠮᠢᠶᠠᠷᠬᠤ ᠴᠠᠭᠳᠠᠭ᠎ᠠ ᠶᠢ ᠴᠢᠩᠭ᠎ᠠ ᠵᠠᠰᠠᠬᠤ ᠶᠡᠷᠦᠩᠬᠡᠢ ᠬᠦᠭ ᠠᠶᠠᠰ ᠢ ᠪᠠᠲᠤ ᠡᠵᠡᠮᠳᠡᠵᠦ᠂ ᠰᠤᠷᠲᠠᠯ ᠴᠢᠬᠡᠴᠢ ᠣᠪᠣᠷ ᠲᠥᠪ ᠴᠠᠭᠳᠠᠭ᠎ᠠ ᠶᠢᠨ | ᠬᠤᠸᠠᠷᠠᠨ ᠤ ᠠᠮᠢ ᠠᠬᠤᠢ ᠶᠢᠨ ᠬᠠᠮᠠᠭᠠᠯᠠᠭᠴᠢ ᠪᠣᠯᠬᠤ ᠬᠡᠷᠡᠭᠲᠡᠢ᠃ | | | | ︽ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢ ᠰᠣᠨᠣᠰᠤᠭᠠᠳ᠂ ᠪᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ | ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠡᠩ ᠭᠦᠨᠵᠡᠭᠡᠢ ᠰᠢᠰᠲ᠋ᠧᠮ ᠲᠠᠢ ᠣᠶᠢᠯᠠᠭᠠᠪᠠ︾᠃ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ | ᠲᠢᠩᠬᠢᠮ ᠤᠨ ᠴᠢᠮᠡᠭᠡ ᠮᠡᠳᠡᠭᠡ ᠵᠢᠯᠣᠭᠤᠳᠬᠤ ᠲᠥᠪ ᠤᠨ ᠡᠷᠬᠢᠯᠡᠭᠴᠢ ᠸᠠᠩ ᠵᠠᠨ ᠵᠢᠶᠦ᠋ᠨ ᠬᠡᠯᠡᠬᠦ ᠳᠤ ᠪᠠᠨ᠄ ︽ᠪᠢᠳᠡ ᠲᠤᠬᠠᠶᠢᠯᠠᠭᠰᠠᠨ ᠠᠵᠢᠯ ᠤᠨ ᠪᠠᠶᠢᠷᠢ ᠳᠤ ᠪᠠᠨ | ᠰᠠᠭᠤᠷᠢᠯᠠᠨ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠶ ᠨᠠᠮ ᠤᠨ ᠲᠥᠪ ᠬᠤᠷᠢᠶᠠᠨ ᠤ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︿ᠲᠤᠰᠬᠠᠶ ᠮᠡᠷᠭᠡᠵᠢᠯ + ᠲᠣᠭᠲᠠᠴᠠ + ᠲᠣᠮᠣ ᠳ᠋ᠠᠶᠢᠲ᠋ᠠ﹀ ᠶᠢᠨ | ᠰᠢᠨ᠎ᠡ ᠬᠡᠯᠪᠡᠷᠢ ᠶᠢᠨ ᠴᠠᠭᠳᠠᠭᠠᠨ ᠤ ᠶᠠᠪᠤᠳᠠᠯ ᠤᠨ ᠵᠠᠭᠪᠤᠷ ᠢ ᠪᠠᠶᠢᠭᠤᠯᠤᠨ ᠲᠡᠭᠦᠯᠳᠡᠷᠵᠢᠭᠦᠯᠬᠦ ᠪᠠᠷ ᠭᠠᠷᠳᠠᠴᠠ ᠪᠣᠯᠭᠠᠵᠤ᠂ ᠰᠢᠨ᠎ᠡ ᠴᠢᠨᠠᠷᠵᠢᠭᠤᠨ ᠳᠣᠲᠣᠭᠠᠳᠤ ᠶᠢ | ᠬᠠᠮᠠᠭᠠᠯᠠᠬᠤ ᠳᠠᠶᠢᠴᠢᠨ ᠬᠦᠴᠦᠨ ᠢ ᠲᠦᠷᠭᠡᠪᠴᠢᠯᠡᠨ ᠪᠣᠶ ᠪᠣᠯᠭᠠᠬᠤ ᠪᠠ ᠳᠡᠭᠡᠭᠰᠢᠯᠡᠭᠦᠯᠵᠦ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠣᠳᠣᠬᠢᠴᠢᠯᠠᠯᠲᠠ ᠶᠢ | ᠬᠦᠴᠦᠯᠡᠨ ᠠᠬᠢᠭᠤᠯᠤᠨ᠎ᠠ︾ ᠭᠡᠵᠡᠶ᠃ | |