ᠰᠥᠨᠢᠳ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠤᠨ ᠤ ᠤᠯᠠᠷᠢᠯ ᠤᠨ ᠠᠵᠢᠯᠯᠠᠭ᠎ᠠ ᠶᠢᠨ ᠳᠠᠶᠢᠨ ᠤ ᠦᠶ᠎ᠡ ᠶᠢᠨ ᠲᠣᠬᠤᠨᠢᠭᠤᠯᠭ᠎ᠠ ᠵᠢᠴᠢ ᠳᠣᠲᠣᠭᠠᠳᠤ ᠶᠢ ᠬᠠᠮᠠᠭᠠᠯᠠᠬᠤ ᠤᠯᠠᠭᠠᠨᠮᠥ᠋ᠴᠢᠷ ᠤᠨ ︽ᠨᠠᠢᠮᠠᠨ ᠰᠠᠷ᠎ᠠ ᠶᠢᠨ ᠨᠢᠭᠡᠨ ᠤ ᠴᠡᠷᠢᠭ ᠪᠠᠶᠢᠭᠤᠯᠤᠭᠳᠠᠭᠰᠠᠨ ᠪᠠᠶᠠᠷ︾ ᠲᠤ ᠵᠣᠷᠢᠭᠤᠯᠤᠭᠰᠠᠨ ᠦᠨᠳᠦᠰᠦᠨ ᠱᠠᠲᠤᠨ ᠳᠤ ᠲᠤᠬᠤᠨᠢᠭᠤᠯᠬᠤ ᠲᠤᠭᠯᠠᠯᠲᠠ ᠭᠠᠷᠭᠠᠪᠠ
ᠨᠡᠶᠢᠲᠡᠯᠡᠭᠰᠡᠨ ᠴᠠᠭ᠄
2024/9/5
      ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠪᠠᠶᠢᠭᠤᠯᠤᠭᠳᠠᠭᠰᠠᠨ 97 ᠵᠢᠯ ᠤᠨ ᠣᠢ ᠶᠢ ᠪᠡᠯᠭᠡᠯᠡᠵᠦ᠂ ᠰᠢᠨ᠎ᠡ ᠴᠠᠭ ᠦᠶ᠎ᠡ ᠶᠢᠨ ᠬᠤᠶᠠᠷ ᠢ ᠬᠦᠷᠢᠶᠡᠯᠡᠬᠦ ᠠᠵᠢᠯ ᠢ ᠰᠠᠶᠢᠳᠤᠷ ᠬᠢᠬᠦ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠪᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠴᠡᠷᠢᠭ ᠠᠷᠠᠳ ᠪᠦᠯᠬᠦᠮᠳᠡᠭᠰᠡᠨ᠂ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠰᠢᠯᠢᠳᠡᠭ ᠤᠯᠠᠮᠵᠢᠯᠠᠯ ᠢ ᠤᠯᠠᠮ ᠨᠢᠭᠡ ᠠᠯᠬᠤᠮ ᠵᠠᠯᠭᠠᠮᠵᠢᠯᠠᠨ ᠪᠠᠳᠠᠷᠠᠭᠤᠯᠵᠤ᠂ ᠴᠡᠷᠢᠭ ᠬᠥᠮᠦᠨ ᠢ ᠬᠦᠨᠳᠦᠳᠬᠡᠨ ᠬᠠᠶᠢᠷᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠢ ᠪᠣᠯᠭᠠᠬᠤ ᠶᠢᠨ ᠲᠥᠯᠥᠭᠡ᠂ 2014 ᠣᠨ ᠤ 8 ᠰᠠᠷ᠎ᠠ ᠶᠢᠨ 1 ᠤ ᠦᠳᠡ ᠶᠢᠨ ᠡᠮᠦᠨ᠎ᠡ᠂ ᠰᠢᠯᠢ ᠶᠢᠨ ᠭᠤᠣᠯ ᠠᠶᠢᠮᠠᠭ ᠤᠨ ᠰᠥᠨᠢᠳ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠤᠨ ᠤ ᠤᠯᠠᠷᠢᠯ ᠤᠨ ᠠᠵᠢᠯᠯᠠᠭ᠎ᠠ ᠶᠢᠨ ᠳᠠᠶᠢᠨ ᠤ ᠦᠶ᠎ᠡ ᠶᠢᠨ ᠲᠣᠬᠤᠨᠢᠭᠤᠯᠭ᠎ᠠ ᠵᠢᠴᠢ ᠳᠣᠲᠣᠭᠠᠳᠤ ᠶᠢ ᠬᠠᠮᠠᠭᠠᠯᠠᠬᠤ ᠤᠯᠠᠭᠠᠨᠮᠥ᠋ᠴᠢᠷ ᠤᠨ ︽ᠨᠠᠢᠮᠠᠨ ᠰᠠᠷ᠎ᠠ ᠶᠢᠨ ᠨᠢᠭᠡᠨ ᠤ ᠴᠡᠷᠢᠭ ᠪᠠᠶᠢᠭᠤᠯᠤᠭᠳᠠᠭᠰᠠᠨ ᠪᠠᠶᠠᠷ︾ ᠲᠤ ᠵᠣᠷᠢᠭᠤᠯᠤᠭᠰᠠᠨ ᠦᠨᠳᠦᠰᠦᠨ ᠱᠠᠲᠤᠨ ᠲᠤᠬᠤᠨᠢᠭᠤᠯᠬᠤ ᠲᠤᠭᠯᠠᠯᠲᠠ ᠶᠢ ᠵᠣᠬᠢᠶᠠᠨ ᠪᠠᠶᠢᠭᠤᠯᠵᠤ᠂ ᠴᠡᠷᠢᠭ ᠴᠠᠭᠳᠠᠭ᠎ᠠ ᠬᠠᠮᠲᠤᠪᠠᠷ ᠰᠡᠳᠬᠢᠯ ᠬᠦᠴᠦᠨ ᠢᠶᠠᠨ ᠨᠢᠭᠲᠠᠷᠠᠭᠤᠯᠵᠤ᠂ ᠳᠠᠶᠠᠭᠠᠷ ᠣᠯᠠᠨ ᠳᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠪᠡ᠃
1.jpg
      ᠬᠤᠰᠢᠭᠤᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠵᠣᠣ ᠶᠦᠩ ᠨᠠᠷ ᠤᠷᠢᠳ ᠬᠤᠵᠢᠳ ᠵᠡᠪᠰᠡᠭᠲᠦ ᠴᠠᠭᠳᠠᠭ᠎ᠠ ᠶᠢᠨ ᠰᠥᠨᠢᠳ ᠪᠠᠷᠠᠭᠤᠨ ᠬᠤᠰᠢᠭᠤᠨ ᠤ ᠰᠠᠯᠪᠤᠷᠢ ᠳᠤᠮᠳᠠ ᠠᠩᠭᠢ᠂ ᠡᠷᠢᠶᠡᠨᠨᠠᠭᠤᠷ ᠤᠨ ᠬᠢᠯᠢ ᠶᠢᠨ ᠲᠣᠮᠢᠯᠠᠭᠰᠠᠨ ᠰᠠᠯᠪᠤᠷᠢ᠂ ᠬᠤᠷᠢᠭᠤᠯ ᠤᠨ ᠭᠠᠵᠠᠷ᠂ ᠲᠦᠷ ᠬᠤᠷᠢᠬᠤ ᠭᠠᠵᠠᠷ ᠲᠤ ᠬᠦᠷᠴᠦ ᠡᠭᠦᠷᠭᠡ ᠪᠠᠨ ᠭᠦᠢᠴᠡᠳᠬᠡᠵᠦ ᠵᠢᠵᠢᠭᠦᠷᠯᠡᠵᠦ ᠪᠠᠶᠢᠬᠤ ᠵᠡᠪᠰᠡᠭᠲᠦ ᠴᠠᠭᠳᠠᠭ᠎ᠠ ᠶᠢᠨ ᠴᠡᠷᠢᠭ ᠪᠠᠶᠢᠯᠳᠤᠭᠴᠢ᠂ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠲᠠᠢ ᠳᠣᠲᠣᠨᠣ ᠪᠠᠷ ᠶᠠᠷᠢᠯᠴᠠᠵᠤ᠂ ᠦᠢᠯᠡᠴᠢᠯᠡᠭᠡᠨ ᠤ ᠠᠵᠢᠯᠯᠠᠭ᠎ᠠ᠂ ᠵᠢᠵᠢᠭᠦᠷ ᠤᠨ ᠪᠡᠯᠡᠳᠬᠡᠯ ᠠᠵᠢᠯ᠂ ᠠᠷᠤ ᠲᠠᠯ᠎ᠠ ᠶᠢᠨ ᠪᠠᠲᠤᠯᠠᠭ᠎ᠠ ᠵᠡᠷᠭᠡ ᠠᠵᠢᠯ ᠤᠨ ᠪᠠᠶᠢᠳᠠᠯ ᠢ ᠨᠠᠷᠢᠨ ᠬᠢᠨᠠᠮᠠᠭᠠᠢ ᠠᠰᠠᠭᠤᠨ ᠯᠠᠪᠯᠠᠵᠤ᠂ ᠠᠭᠠᠭᠢᠮ᠎ᠠ ᠬᠠᠯᠠᠭᠤᠨ ᠬᠤᠷᠴᠠ ᠨᠠᠷᠠᠨ ᠤ ᠳᠣᠣᠷ᠎ᠠ ᠡᠮᠦᠨ᠎ᠡ ᠹᠷᠣᠨᠲ ᠳᠤ ᠲᠡᠮᠡᠴᠡᠵᠦ ᠪᠠᠶᠢᠭ᠎ᠠ ᠵᠡᠪᠰᠡᠭᠲᠦ ᠴᠠᠭᠳᠠᠭ᠎ᠠ ᠶᠢᠨ ᠴᠡᠷᠢᠭ ᠪᠠᠶᠢᠯᠳᠤᠭᠴᠢ᠂ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠷ ᠢ ᠲᠣᠬᠤᠨᠢᠭᠤᠯᠬᠤ ᠶᠢᠨ ᠳᠠᠭᠠᠤ ᠳᠤ ᠪᠠᠶᠠᠷ ᠤᠨ ᠡᠳᠦᠷ ᠤᠨ ᠮᠡᠨᠳᠦᠴᠢᠯᠡᠯ ᠢ ᠬᠦᠷᠭᠡᠪᠡ᠃
4.jpg
      ᠳᠠᠷᠠᠭ᠎ᠠ ᠨᠢ᠂ ᠰᠥᠨᠢᠳ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠤᠯᠠᠭᠠᠨᠮᠦ᠋ᠴᠢᠷ ᠤᠨ ᠭᠡᠰᠢᠭᠦᠳ ᠣᠷᠭᠢᠯᠤᠮ᠎ᠠ ᠬᠠᠯᠠᠭᠤᠨ ᠰᠡᠳᠬᠢᠯᠭᠡ ᠪᠠᠷ ᠬᠤᠣᠰᠯᠠᠯ ᠪᠦᠵᠢᠭ᠂ ᠳᠠᠭᠤᠤ᠂ ᠰᠢᠯᠦᠭ᠂ ᠭᠢᠲ᠋ᠠᠷ᠂ ᠬᠠᠮᠲᠦ ᠶᠢᠨ ᠳᠠᠭᠤᠤ ᠵᠡᠷᠭᠡ ᠭᠤᠶᠢᠳᠠ ᠰᠠᠶᠢᠬᠠᠨ ᠤᠷᠠᠯᠢᠭ ᠤᠨ ᠲᠣᠭᠯᠠᠯᠲᠠ ᠭᠠᠷᠭᠠᠵᠤ᠂ ᠰᠥᠨᠢᠳ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠪᠣᠯᠪᠠᠰᠤᠷᠠᠯ ᠤᠨ ᠬᠡᠪ ᠨᠠᠮᠪᠠᠭ᠎ᠠ᠂ ᠵᠣᠷᠢᠭᠲᠠᠢ ᠲᠡᠮᠡᠴᠡᠬᠦ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠪᠠ᠃
11.jpg
      ᠰᠥᠨᠢᠳ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠷᠢᠭᠤᠯ ᠤᠨ ᠭᠠᠵᠠᠷ᠂ ᠲᠦᠷ ᠬᠤᠷᠢᠬᠤ ᠭᠠᠵᠠᠷ ᠤᠨ ᠴᠠᠭᠳᠠᠭ᠎ᠠ ᠨᠠᠷ᠂ ᠲᠣᠬᠤᠨᠢᠭᠤᠯᠬᠤ ᠲᠣᠭᠯᠠᠯᠲᠠ ᠰᠣᠨᠢᠷᠬᠠᠬᠤ ᠪᠠᠷ ᠳᠠᠮᠵᠢᠨ ᠮᠠᠰᠢ ᠵᠣᠷᠢᠭᠵᠢᠵᠤ᠂ ︽ᠵᠤᠨ ᠤ ᠤᠯᠠᠷᠢᠯ ᠤᠨ ᠠᠵᠢᠯᠯᠠᠭ᠎ᠠ︾ ᠪᠠᠷ ᠬᠥᠳᠡᠯᠦᠯᠲᠡ ᠪᠣᠯᠭᠠᠵᠤ᠂ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠤᠯᠤᠰ ᠲᠥᠷᠥ ᠶᠢ ᠡᠷᠬᠢᠮᠯᠡᠬᠦ᠂ ᠵᠣᠷᠢᠭᠲᠠᠢ ᠡᠭᠦᠷᠭᠡᠯᠡᠬᠦ᠂ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠳᠠᠭᠤᠷᠢᠶᠠᠯ ᠪᠣᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ︽ᠲᠠᠪᠤᠨ ᠲᠡᠷᠢᠭᠦᠨ ᠵᠡᠷᠭᠡ ᠶᠢᠨ︾ ᠳᠣᠲᠣᠭᠠᠳᠤ ᠶᠢ ᠬᠠᠮᠠᠭᠠᠯᠠᠬᠤ ᠴᠡᠷᠢᠭ ᠢ ᠴᠢᠷᠮᠠᠶᠢᠨ ᠳᠠᠪᠲᠠᠨ ᠪᠣᠯᠪᠠᠰᠤᠷᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠰᠠᠶᠢᠳᠤᠷ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠵᠡᠭᠡᠪᠡ᠃
ᠢᠷᠡᠯᠲᠡ᠄ ᠰᠢᠯᠢ ᠶᠢᠨ ᠭᠣᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ