ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠤᠷᠰᠢᠨ ᠪᠠᠶᠢᠴᠠᠭᠠᠬᠤ ᠲᠥᠪ ᠤᠨ ᠪᠥᠲᠥᠭᠡᠨ ᠪᠠᠶᠢᠭᠤᠯᠤᠯᠲᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠲᠤᠬᠠᠶ ᠶᠢᠨ ᠲᠠᠯᠠᠪᠠᠶ ᠶᠢᠨ ᠬᠤᠷᠠᠯ ᠬᠥᠯᠥᠨ ᠬᠤᠲᠠ ᠳᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/13
      ᠪᠥᠬᠦ ᠤᠯᠤᠰ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠠᠴᠢᠯᠠᠭᠰᠠᠨ ᠲᠤᠷᠰᠢᠨ ᠪᠠᠶᠢᠴᠠᠭᠠᠯᠲᠠ ᠶᠢᠨ ᠰᠢᠨ᠎ᠡ ᠵᠠᠭᠪᠤᠷ ᠢ ᠪᠠᠶᠢᠭᠤᠯᠬᠤ ᠪᠠᠷ ᠳᠠᠮᠵᠢᠭᠤᠯᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠰᠢᠨ᠎ᠡ ᠴᠢᠨᠠᠷ ᠪᠥᠬᠦᠶ ᠳᠠᠶᠢᠴᠢᠨ ᠬᠦᠴᠦᠨ ᠢ ᠪᠣᠶ ᠪᠣᠯᠭᠠᠬᠤ ᠶᠢᠨ ᠲᠥᠯᠥᠭᠡ᠂ 12 ᠳ᠋ᠤᠭᠠᠷ ᠰᠠᠷ᠎ᠠ ᠶᠢᠨ 30 ᠤ ᠡᠳᠦᠷ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠤᠷᠰᠢᠨ ᠪᠠᠶᠢᠴᠠᠭᠠᠬᠤ ᠲᠥᠪ ᠤᠨ ᠪᠥᠲᠥᠭᠡᠨ ᠪᠠᠶᠢᠭᠤᠯᠤᠯᠲᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠲᠤᠬᠠᠶ ᠶᠢᠨ ᠲᠠᠯᠠᠪᠠᠶ ᠶᠢᠨ ᠬᠤᠷᠠᠯ ᠢ ᠬᠥᠯᠥᠨ ᠪᠤᠶᠢᠷ ᠬᠤᠲᠠ ᠳᠤ ᠬᠤᠷᠠᠯᠳᠤᠭᠤᠯᠪᠠ᠃ ᠳᠣᠲᠣᠭᠠᠳᠤ ᠶᠢ ᠬᠠᠮᠠᠭᠠᠯᠠᠬᠤ ᠶᠠᠮᠤᠨ ᠤ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠲᠣᠪᠴᠢᠶ᠎ᠠ ᠶᠢᠨ ᠳᠡᠳ᠋ ᠳᠠᠷᠤᠭ᠎ᠠ ᠵᠧᠩ ᠰᠢᠶᠠᠩ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠶᠢᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠸᠠᠩ ᠶᠠ ᠰᠢᠨ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠵᠣᠣ ᠴᠠᠩ ᠴᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠶᠡᠷᠦᠩᠬᠡᠶ ᠠᠩᠭᠢ ᠶᠢᠨ ᠳᠠᠷᠤᠭ᠎ᠠ ᠵᠠᠩ ᠢᠦᠶ ᠰᠢ ᠬᠤᠷᠠᠯ ᠢ ᠡᠷᠭᠢᠯᠡᠭᠰᠡᠨ ᠪᠥᠭᠡᠳ ᠠᠵᠢᠯ ᠤᠨ ᠪᠠᠶᠢᠷᠢᠯᠠᠭᠤᠯᠤᠯᠲᠠ ᠬᠢᠪᠠ᠃ ᠡᠯ᠎ᠡ ᠠᠶᠢᠮᠠᠭ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ᠂ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠲᠤᠬᠠᠶᠢᠯᠠᠭᠰᠠᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠳᠠᠷᠤᠭ᠎ᠠ ᠪᠣᠯᠤᠨ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠬᠥᠬᠡᠬᠤᠲᠠ᠂ ᠮᠠᠨᠵᠤᠤᠷ ᠪᠣᠭᠤᠮᠲᠠ ᠶᠢᠨ ᠨᠢᠭᠤᠴᠠ ᠪᠠᠷ ᠠᠷᠠᠯᠵᠢᠶᠠᠯᠠᠭᠰᠠᠳ ᠢ ᠪᠠᠷᠢᠪᠴᠢᠯᠠᠬᠤ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠵᠢᠴᠢ ᠲᠢᠩᠬᠢᠮ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠪᠣᠯᠤᠨ ᠬᠥᠬᠡᠬᠤᠲᠠ ᠶᠢᠨ ᠲᠡᠮᠦᠷ ᠵᠠᠮ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃
呼伦1.png
      ᠬᠤᠷᠠᠯ ᠳᠡᠭᠡᠷ᠎ᠡ᠂ ᠬᠥᠯᠥᠨ ᠪᠤᠶᠢᠷ ᠬᠤᠲᠠ᠂ ᠪᠤᠭᠤᠲᠤ ᠬᠤᠲᠠ᠂ ᠰᠢᠯᠢ ᠶᠢᠨ ᠭᠤᠤᠯ ᠠᠶᠢᠮᠠᠭ᠂ ᠣᠷᠳᠣᠰ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠢᠴᠢ ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠲᠥᠯᠥᠭᠡᠯᠡᠭᠴᠢ ᠲᠣᠰ ᠲᠣᠰ ᠲᠤᠷᠰᠢᠨ ᠪᠠᠶᠢᠴᠠᠭᠠᠬᠤ ᠲᠥᠪ ᠤᠨ ᠪᠥᠲᠥᠭᠡᠨ ᠪᠠᠶᠢᠭᠤᠯᠤᠯᠲᠠ ᠶᠢᠨ ᠬᠡᠷᠡᠭᠯᠡᠯᠲᠡ ᠶᠢᠨ ᠲᠣᠭᠤᠷᠢᠨ ᠳᠤ ᠲᠤᠷᠰᠢᠯᠭ᠎ᠠ ᠪᠠᠨ ᠰᠣᠯᠢᠯᠴᠠᠪᠠ᠃       ᠬᠤᠷᠠᠯ ᠠᠴᠠ᠂ ᠲᠤᠷᠰᠢᠨ ᠪᠠᠶᠢᠴᠠᠭᠠᠬᠤ ᠲᠥᠪ ᠪᠣᠯ ᠲᠥᠪ ᠤᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠲᠣᠳᠣᠷᠬᠠᠶᠢᠯᠠᠭᠰᠠᠨ ᠭᠤᠤᠯᠳᠠᠯᠭ᠎ᠠ ᠲᠠᠢ ᠥᠭᠡᠷᠡᠴᠢᠯᠡᠯᠲᠡ ᠶᠢᠨ ᠲᠥᠷᠥᠯ ᠵᠦᠢᠯ ᠪᠠᠶᠢᠵᠤ᠂ ᠡᠷᠡᠭᠦᠦ ᠶᠢᠨ ᠬᠡᠷᠡᠭ ᠤᠨ ᠲᠤᠷᠰᠢᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠳᠤ ᠬᠤᠯᠪᠣᠭᠳᠠᠵᠤ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠳᠤ ᠬᠤᠯᠪᠣᠭᠳᠠᠨ᠎ᠠ᠃ ᠪᠥᠬᠦ ᠣᠷᠣᠨ ᠤ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠡᠨᠡ ᠬᠦ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠲᠤᠷᠰᠢᠨ ᠪᠠᠶᠢᠴᠠᠭᠠᠬᠤ ᠲᠥᠪ ᠤᠨ ᠪᠥᠲᠥᠭᠡᠨ ᠪᠠᠶᠢᠭᠤᠯᠤᠯᠲᠠ ᠳᠤ ᠲᠦᠰᠢᠭᠯᠡᠨ᠂ ᠲᠤᠷᠰᠢᠨ ᠪᠠᠶᠢᠴᠠᠭᠠᠬᠤ ᠡᠬᠢ ᠪᠠᠶᠠᠯᠢᠭ ᠢ ᠲᠥᠪᠯᠡᠷᠡᠭᠦᠯᠵᠦ᠂ ᠴᠣᠬᠢᠯᠲᠠ ᠥᠭᠬᠦ ᠬᠡᠯᠬᠢᠶ᠎ᠡ ᠶᠢ ᠲᠡᠭᠦᠯᠳᠡᠷᠵᠢᠭᠦᠯᠦᠨ᠂ ᠣᠨᠣᠪᠴᠢᠲᠠᠶ ᠴᠣᠬᠢᠯᠲᠠ ᠥᠭᠬᠦ ᠶᠢ ᠪᠡᠶᠡᠯᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠴᠠᠭᠳᠠᠭᠠᠨ ᠤ ᠬᠦᠴᠦᠨ ᠢ ᠣᠯᠵᠤ᠂ ᠲᠤᠭ᠎ᠠ ᠪᠠᠷᠢᠮᠲᠠ ᠪᠠᠷ ᠳᠠᠶᠢᠴᠢᠨ ᠬᠦᠴᠦᠨ ᠢ ᠳᠡᠭᠡᠭᠰᠢᠯᠡᠭᠦᠯᠦᠨ᠂ ᠴᠣᠬᠢᠯᠲᠠ ᠥᠭᠬᠦ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃
呼伦2.png
      ᠬᠤᠷᠠᠯ ᠠᠴᠠ᠂ ᠡᠯ᠎ᠡ ᠭᠠᠵᠠᠷ ᠤᠨ ᠬᠢᠨ ︽ᠨᠢᠭᠡ ᠵᠢᠯ ᠳᠤ ᠰᠢᠰᠲ᠋ᠧᠮᠵᠢᠭᠦᠯᠵᠦ᠂ ᠬᠤᠶᠠᠷ ᠵᠢᠯ ᠳᠤ ᠪᠣᠳᠠᠲᠤ ᠦᠷ᠎ᠡ ᠪᠦᠲᠦᠮᠵᠢ ᠣᠯᠵᠤ᠂ ᠭᠤᠷᠪᠠᠨ ᠵᠢᠯ ᠳᠤ ᠶᠡᠭᠡ ᠪᠠᠷ ᠳᠡᠭᠡᠭᠰᠢᠯᠡᠭᠦᠯᠬᠦ︾ ᠱᠠᠭᠠᠷᠳᠠᠯᠭ᠎ᠠ ᠶᠣᠰᠣᠭᠠᠷ᠂ ᠪᠣᠳᠠᠲᠠᠶ ᠳᠤ ᠨᠡᠶᠢᠴᠡᠬᠦ᠂ ᠪᠥᠬᠦ ᠴᠠᠭᠳᠠᠭ᠎ᠠ ᠳᠤ ᠦᠢᠯᠡᠴᠢᠯᠡᠬᠦ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠬᠤ ᠭᠤᠷᠪᠠᠨ ᠵᠠᠩᠭᠢᠯᠠᠭ᠎ᠠ ᠶᠢ ᠭᠤᠤᠯᠳᠠᠯᠭ᠎ᠠ ᠲᠠᠢ ᠡᠵᠡᠮᠳᠡᠵᠦ᠂ ᠡᠬᠢ ᠪᠠᠶᠠᠯᠢᠭ ᠢᠶᠠᠨ ᠲᠥᠪᠯᠡᠷᠡᠭᠦᠯᠵᠦ᠂ ᠨᠢᠭᠡᠳᠦᠯᠲᠡᠶ ᠲᠥᠯᠥᠪᠵᠢᠭᠦᠯᠦᠨ ᠰᠤᠳᠤᠯᠵᠤ᠂ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠶᠢᠨ ᠰᠤᠳᠤᠯᠤᠨ ᠮᠠᠭᠠᠳᠯᠠᠬᠤ ᠲᠥᠪ᠂ ᠲᠤᠷᠰᠢᠨ ᠪᠠᠶᠢᠴᠠᠭᠠᠬᠤ ᠲᠥᠪ᠂ ᠵᠢᠯᠣᠭᠤᠳᠬᠤ ᠲᠥᠪ ᠢ ᠬᠦᠴᠦᠯᠡᠨ ᠪᠠᠶᠢᠭᠤᠯᠵᠤ᠂ ︽ᠪᠣᠳᠠᠲᠤ ᠲᠡᠶᠢᠨ ᠢᠶᠠᠷ ᠬᠥᠲᠥᠯᠥᠨ ᠳᠠᠭᠠᠭᠤᠯᠬᠤ᠂ ᠲᠤᠭ᠎ᠠ ᠪᠠᠷᠢᠮᠲᠠ ᠪᠠᠷ ᠴᠢᠳᠠᠪᠤᠷᠢ ᠣᠯᠭᠤᠬᠤ᠂ ᠦᠨᠳᠦᠰᠦᠨ ᠱᠠᠲᠤᠨ ᠳᠤ ᠬᠠᠨᠳᠤᠭᠤᠯᠬᠤ︾ ᠵᠠᠷᠴᠢᠮ ᠢ ᠪᠠᠷᠢᠮᠲᠠᠯᠠᠵᠤ᠂ ᠲᠤᠷᠰᠢᠨ ᠪᠠᠶᠢᠴᠠᠭᠠᠬᠤ ᠲᠥᠪ ᠤᠨ ᠡᠬᠢ ᠪᠠᠶᠠᠯᠢᠭ ᠬᠦᠴᠦᠨ ᠳᠤ ᠲᠦᠰᠢᠭᠯᠡᠨ᠂ ᠡᠮᠦᠨ᠎ᠡ ᠹᠷᠣᠨᠲ ᠤᠨ ᠴᠠᠭᠳᠠᠭᠠᠨ ᠤ ᠪᠣᠳᠠᠲᠠᠶ ᠳᠠᠶᠢᠯᠠᠯᠳᠤᠭᠠᠨ ᠢ ᠪᠥᠬᠦ ᠲᠠᠯ᠎ᠠ ᠪᠠᠷ ᠲᠤᠯᠭᠠᠭᠤᠷᠢᠯᠠᠬᠤ ᠬᠡᠷᠡᠭᠲᠡᠶ ᠭᠡᠵᠦ ᠴᠢᠬᠤᠯᠠᠴᠢᠯᠠᠪᠠ᠃
呼伦3.png
      ᠬᠤᠷᠠᠯ ᠠᠴᠠ᠂ ᠲᠤᠷᠰᠢᠨ ᠪᠠᠶᠢᠴᠠᠭᠠᠬᠤ ᠲᠥᠪ ᠢ ᠪᠠᠶᠢᠭᠤᠯᠵᠤ᠂ ᠲᠣᠭᠠᠴᠢᠯᠠᠭᠰᠠᠨ ᠲᠤᠷᠰᠢᠨ ᠪᠠᠶᠢᠴᠠᠭᠠᠬᠤ ᠰᠢᠨ᠎ᠡ ᠵᠠᠭᠪᠤᠷ ᠢ ᠪᠠᠶᠢᠭᠤᠯᠬᠤ ᠪᠣᠯ ᠰᠢᠰᠲ᠋ᠧᠮᠲᠦ ᠢᠨᠵᠧᠨᠧᠷᠢᠩ ᠮᠥᠨ᠂ ᠡᠯ᠎ᠡ ᠭᠠᠵᠠᠷ ᠤᠨ ᠬᠢᠨ ᠥᠨᠳᠥᠷ ᠵᠣᠭᠰᠣᠴᠠ ᠠᠴᠠ ᠲᠥᠯᠥᠪᠵᠢᠭᠦᠯᠦᠨ ᠪᠠᠶᠢᠷᠢᠯᠠᠭᠤᠯᠵᠤ᠂ ᠨᠠᠶᠢᠳᠠᠪᠤᠷᠢᠵᠢᠭᠤᠯᠤᠯᠲᠠ ᠶᠢ ᠨᠠᠷᠢᠯᠢᠬᠵᠢᠭᠤᠯᠤᠨ ᠴᠢᠩᠭ᠎ᠠ ᠠᠳᠬᠤᠵᠤ᠂ ᠪᠠᠲᠤᠯᠠᠭ᠎ᠠ ᠶᠢ ᠪᠥᠬᠦ ᠲᠠᠯ᠎ᠠ ᠪᠠᠷ ᠳᠡᠮᠵᠢᠵᠦ᠂ ᠬᠠᠷᠠᠯᠲᠠ ᠶᠢ ᠲᠣᠭᠲᠠᠭᠠᠵᠤ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠰᠢᠰᠲ᠋ᠧᠮ ᠤᠨ ᠪᠠᠶᠢᠭᠤᠯᠤᠯᠲᠠ ᠶᠢᠨ ᠠᠮᠤᠷ ᠲᠦᠪᠰᠢᠨ᠂ ᠲᠤᠭ᠎ᠠ ᠪᠠᠷᠢᠮᠲᠠ ᠶᠢᠨ ᠬᠡᠷᠡᠭᠯᠡᠭᠡᠨ ᠤ ᠠᠮᠤᠷ ᠲᠦᠪᠰᠢᠨ ᠪᠠ ᠵᠥᠪ ᠴᠢᠭᠯᠡᠯ ᠤᠨ ᠤᠷᠮᠠᠰᠢᠭᠤᠯᠤᠯ ᠢ ᠴᠢᠩᠭᠠᠳᠬᠠᠵᠤ᠂ ᠥᠨᠳᠥᠷ ᠭᠠᠷᠤᠭ᠎ᠠ ᠠᠴᠠ ᠲᠥᠯᠥᠪᠵᠢᠭᠦᠯᠬᠦ᠂ ᠥᠨᠳᠥᠷ ᠲᠦᠪᠰᠢᠨ ᠲᠠᠢ ᠪᠠᠷ ᠪᠦᠳᠦᠭᠡᠨ ᠪᠠᠶᠢᠭᠤᠯᠬᠤ᠂ ᠥᠨᠳᠥᠷ ᠣᠶᠤᠨᠴᠢ ᠪᠠᠷ ᠬᠡᠷᠡᠭᠯᠡᠬᠦ᠂ ᠥᠨᠳᠥᠷ ᠬᠠᠮᠲᠤ ᠪᠠᠷ ᠡᠳ᠋ᠯᠡᠬᠦ ᠬᠥᠭᠵᠢᠯᠲᠡ ᠶᠢ ᠪᠠᠷᠢᠮᠲᠠᠯᠠᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠢᠨ᠎ᠡ ᠴᠢᠨᠠᠷ ᠴᠢᠨᠰᠠᠭ᠎ᠠ ᠶᠢᠨ ᠲᠠᠶᠢᠴᠢᠨ ᠬᠦᠴᠦᠨ ᠢ ᠴᠢᠨᠠᠭᠰᠢᠳᠠ ᠲᠦᠷᠭᠡᠳᠬᠡᠨ ᠪᠦᠷᠢᠯᠳᠦᠭᠦᠯᠬᠦ ᠪᠠ ᠳᠡᠭᠡᠭᠰᠢᠯᠡᠭᠦᠯᠬᠦ ᠬᠡᠷᠡᠭᠲᠡᠢ᠃
呼伦4.png
      ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠬᠥᠯᠥᠨ ᠪᠤᠶᠢᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠲᠥᠪ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠲᠥᠪ᠂ ᠲᠤᠷᠰᠢᠨ ᠪᠠᠶᠢᠴᠠᠭᠠᠬᠤ ᠲᠥᠪ ᠵᠢᠴᠢ ᠬᠠᠶᠢᠯᠠᠷ ᠤᠨ ᠬᠤᠪᠢᠶᠠᠷᠢ ᠲᠣᠪᠴᠢᠶ᠎ᠠ ᠶᠢᠨ ᠲᠤᠷᠰᠢᠨ ᠪᠠᠶᠢᠴᠠᠭᠠᠬᠤ ᠲᠥᠪ ᠲᠤ ᠬᠦᠷᠴᠦ᠂ ᠰᠢᠶᠠᠩ ᠬᠤᠸᠠ ᠲᠣᠮᠢᠯᠠᠭᠰᠠᠨ ᠰᠠᠯᠪᠤᠷᠢ ᠳᠤ ᠬᠦᠷᠴᠦ ᠲᠤᠬᠠᠶ ᠶᠢᠨ ᠭᠠᠵᠠᠷ ᠲᠤ ᠨᠢ ᠲᠣᠭᠤᠷᠢᠨ ᠦᠵᠡᠪᠡ᠃ 
ᠢᠷᠡᠯᠲᠡ᠄ ᠦᠪᠦᠷ ᠮᠤᠩᠭᠤᠯ ᠤᠨ ᠲᠤᠳᠤᠭᠠᠳᠦ ᠶᠢ ᠬᠠᠮᠠᠭᠠᠯᠠᠬᠤ ᠲᠢᠩᠬᠢᠮ