ᠪᠠᠭᠠᠷᠢᠨ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠠᠪᠤᠳᠤᠭᠠᠷ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ ᠤᠨ ᠡᠳᠦᠷ ᠤᠨ ᠲᠤᠭ ᠮᠠᠨᠳᠤᠭᠤᠯᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2025/1/16
         1 ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ ᠪᠠᠭᠠᠷᠢᠨ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠴᠠᠭᠳᠠᠭᠠᠨ ᠤ ᠲᠤᠭ ᠮᠠᠨᠳᠤᠭᠤᠯᠬᠤ ᠶᠣᠰᠣᠯᠠᠯ ᠶᠠᠪᠤᠭᠤᠯᠵᠤ ᠲᠠᠪᠤᠳᠤᠭᠠᠷ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ ᠢ ᠪᠡᠯᠭᠡᠯᠡᠪᠡ᠃ ᠪᠠᠭᠠᠷᠢᠨ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠦᠸᠧ ᠬᠠᠶ ᠶᠠᠩ ᠶᠣᠰᠣᠯᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠶᠣᠰᠣᠯᠠᠯ ᠢ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠶᠢᠨ ᠭᠡᠰᠢᠭᠦᠨ ᠸᠠᠩ ᠸᠧᠶ ᠡᠷᠭᠢᠯᠡᠵᠦ᠂ ᠲᠣᠪᠴᠢᠶ᠎ᠠ ᠶᠢᠨ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ᠂ ᠲᠣᠪᠴᠢᠶ᠎ᠠ ᠶᠢᠨ ᠬᠠᠷᠢᠶ᠎ᠠ ᠡᠯ᠎ᠡ ᠰᠠᠯᠠᠭ᠎ᠠ ᠮᠥᠴᠢᠷ ᠭᠠᠵᠠᠷ ᠤᠨ ᠬᠠᠷᠢᠭᠤᠴᠠᠯᠭᠠᠲᠠᠨ᠂ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠲᠥᠯᠥᠭᠡᠯᠡᠭᠴᠢ ᠨᠡᠶᠢᠲᠡ 200 ᠭᠠᠷᠤᠶ ᠬᠥᠮᠦᠨ ᠶᠣᠰᠣᠯᠠᠯ ᠳᠤ ᠣᠷᠣᠯᠴᠠᠪᠠ᠃
640 (2).jpg
      ᠦᠳᠡ ᠶᠢᠨ ᠡᠮᠦᠨᠡᠬᠢ 10 ᠴᠠᠭ ᠲᠤ᠂ ᠶᠣᠰᠣᠯᠠᠯ ᠳᠤ ᠣᠷᠣᠯᠴᠠᠭᠰᠠᠨ ᠪᠥᠬᠦ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠲᠡᠷᠢ ᠲᠡᠭᠰᠢ ᠲᠥᠪ ᠴᠢᠩᠭ᠎ᠠ ᠵᠢᠭᠰᠠᠵᠤ᠂ 29 ᠶᠣᠰᠣᠯᠠᠯ ᠤᠨ ᠠᠩᠭᠢ ᠶᠢᠨ ᠭᠡᠰᠢᠭᠦᠨ ᠴᠠᠭᠳᠠᠭᠠᠨ ᠤ ᠲᠤᠭ ᠢ ᠬᠠᠮᠠᠭᠠᠯᠠᠨ ᠲᠥᠪ ᠢᠳᠡᠷᠡᠭᠦᠨ ᠠᠯᠬᠤᠭ᠎ᠠ ᠪᠠᠷ ᠲᠤᠭ ᠮᠠᠨᠳᠤᠭᠤᠯᠬᠤ ᠲᠠᠪᠴᠠᠩ ᠵᠦᠭ ᠠᠯᠬᠤᠪᠠ᠃ ︽ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠴᠠᠭᠳᠠᠭ᠎ᠠ ᠶᠢᠨ ᠳᠠᠭᠤᠤ︾ ᠡᠬᠢᠯᠡᠬᠦ ᠶᠢ ᠳᠠᠭᠠᠯᠳᠤᠨ᠂ ᠪᠥᠬᠦ ᠠᠷᠠᠳ ᠤᠨ ᠴᠠᠭᠳᠠᠭ᠎ᠠ ᠲᠥᠪ ᠴᠢᠩᠭ᠎ᠠ ᠪᠠᠷ ᠶᠣᠰᠣᠯᠠᠵᠤ᠂ ᠴᠠᠭᠳᠠᠭᠠᠨ ᠤ ᠲᠤᠭ ᠢ ᠠᠯᠭᠤᠷᠬᠠᠨ ᠮᠠᠨᠳᠤᠭᠤᠯᠪᠠ᠃ ᠤᠯᠤᠰ ᠲᠥᠷᠥ ᠶᠢᠨ ᠭᠡᠰᠢᠭᠦᠨ ᠸᠠᠩ ᠸᠧᠶ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢ ᠳᠠᠭᠠᠭᠤᠯᠤᠨ ᠴᠠᠭᠳᠠᠭᠠᠨ ᠤ ᠲᠤᠭ ᠲᠤ ᠬᠠᠨᠳᠤᠵᠤ ᠠᠷᠠᠳ ᠤᠨ ᠴᠠᠭᠳᠠᠭ᠎ᠠ ᠶᠢᠨ ᠲᠠᠩᠭᠠᠷᠢᠭ ᠤᠨ ᠦᠭᠡ ᠶᠢ ᠳᠠᠬᠢᠨ ᠡᠷᠭᠢᠴᠡᠭᠦᠯᠵᠦ᠂ ᠡᠷᠡᠰ ᠪᠠᠲᠤ ᠬᠦᠴᠦᠲᠡᠶ ᠲᠠᠩᠭᠠᠷᠢᠭ ᠨᠢ ᠪᠠᠭᠠᠷᠢᠨ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠷᠡᠰ ᠭᠤᠶᠢᠪᠢᠰᠢ ᠥᠬᠡᠶ ᠪᠠᠷ ᠨᠠᠮ ᠪᠣᠯᠤᠨ ᠠᠷᠠᠳ ᠲᠦᠮᠡᠨ ᠤ ᠰᠢᠳᠤᠷᠭᠤ ᠬᠠᠮᠠᠭᠠᠯᠠᠭᠴᠢ ᠪᠣᠯᠵᠣ᠂ ᠤᠯᠤᠰ ᠤᠨ ᠠᠮᠤᠷ ᠲᠦᠪᠰᠢᠨ ᠪᠣᠯᠤᠨ ᠨᠡᠶᠢᠭᠡᠮ ᠤᠨ ᠲᠣᠭᠲᠠᠭᠤᠨ ᠢ ᠬᠠᠮᠠᠭᠠᠯᠠᠵᠤ᠂ ᠨᠠᠮ ᠪᠣᠯᠤᠨ ᠠᠷᠠᠳ ᠲᠦᠮᠡᠨ ᠤ ᠳᠠᠭᠠᠭᠠᠯᠭᠠᠭᠰᠠᠨ ᠡᠭᠦᠷᠭᠡ ᠬᠠᠷᠢᠭᠤᠴᠠᠯᠭ᠎ᠠ ᠶᠢ ᠡᠷᠡᠰ ᠰᠠᠶᠢᠲᠤᠷ ᠪᠡᠶᠡᠯᠡᠭᠦᠯᠬᠦ ᠢᠲᠡᠭᠡᠯ ᠵᠣᠷᠢᠭ ᠢ ᠢᠯᠡᠳᠬᠡᠪᠡ᠃       ᠯᠦᠸᠧ ᠬᠠᠢ ᠶᠠᠩ ᠠᠴᠠ᠂ ᠳᠣᠲᠣᠭᠠᠳᠤ ᠶᠢ ᠬᠠᠮᠠᠭᠠᠯᠠᠬᠤ ᠠᠵᠢᠯ ᠨᠢ ᠨᠡᠶᠢᠭᠡᠮ ᠤᠨ ᠠᠮᠤᠷ ᠲᠣᠭᠲᠠᠭᠤᠨ ᠳᠤ ᠬᠤᠯᠪᠣᠭᠳᠠᠬᠤ ᠪᠠᠷ ᠪᠠᠷᠠᠬᠤ ᠦᠭᠡᠢ᠂ ᠨᠡᠩ ᠴᠤ ᠭᠡᠷ ᠪᠦᠯᠢ ᠪᠦᠷᠢ ᠶᠢᠨ ᠵᠣᠯ ᠵᠢᠷᠭᠠᠯ ᠪᠣᠯᠤᠨ ᠠᠮᠤᠷ ᠲᠣᠭᠲᠠᠭᠤᠨ ᠳᠤ ᠬᠤᠯᠪᠣᠭᠳᠠᠨ᠎ᠠ᠃ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠢᠭᠡᠪᠦᠷᠢ ᠴᠥᠮ ᠨᠡᠶᠢᠭᠡᠮ ᠤᠨ ᠠᠮᠤᠷ ᠲᠦᠪᠰᠢᠨ ᠢ ᠬᠠᠮᠠᠭᠠᠯᠠᠬᠤ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢ ᠬᠠᠮᠠᠭᠠᠯᠠᠬᠤ ᠠᠮᠤᠷ ᠲᠦᠪᠰᠢᠨ ᠤ ᠴᠢᠬᠤᠯᠠ ᠡᠭᠦᠷᠭᠡ ᠶᠢ ᠡᠭᠦᠷᠭᠡᠯᠡᠵᠦ ᠪᠠᠶᠢᠭ᠎ᠠ ᠪᠣᠯᠬᠤᠷ ᠡᠷᠬᠡᠪᠰᠢ ᠨᠡᠩ ᠪᠣᠳᠠᠲᠠᠶ ᠶᠢ ᠡᠷᠬᠢᠮᠯᠡᠬᠦ ᠣᠪᠣᠷ ᠢᠶᠠᠷ ᠳᠣᠲᠣᠭᠠᠳᠤ ᠶᠢ ᠬᠠᠮᠠᠭᠠᠯᠠᠬᠤ ᠠᠵᠢᠯ ᠳᠤ ᠣᠷᠣᠯᠴᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃
640.jpg
      ᠯᠦᠸᠧ ᠬᠠᠢ ᠶᠠᠩ ᠠᠴᠠ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠬᠠᠷᠢᠭᠤᠴᠠᠯᠭ᠎ᠠ ᠬᠦᠨᠳᠦ᠂ ᠳᠣᠲᠣᠭᠠᠳᠤ ᠶᠢ ᠬᠠᠮᠠᠭᠠᠯᠠᠬᠤ ᠦᠢᠯᠡᠰ ᠤᠨ ᠡᠭᠦᠷᠭᠡ ᠬᠦᠨᠳᠦ ᠵᠠᠮ ᠬᠤᠯᠠ ᠪᠠᠶᠢᠨ᠎ᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠳᠤ ᠪᠠᠨ ᠦᠨᠡᠨᠴᠢ ᠰᠢᠳᠤᠷᠭᠤ᠂ ᠠᠷᠠᠳ ᠲᠦᠮᠡᠨ ᠳᠤ ᠦᠢᠯᠡᠴᠢᠯᠡᠬᠦ᠂ ᠲᠥᠪ ᠭᠤᠣᠯᠴᠢ ᠪᠠᠷ ᠬᠠᠤᠯᠢ ᠬᠡᠷᠡᠭᠵᠢᠭᠦᠯᠬᠦ᠂ ᠰᠠᠬᠢᠯᠭ᠎ᠠ ᠪᠠᠲᠤ ᠴᠢᠩᠭ᠎ᠠ ᠪᠠᠶᠢᠬᠤ ᠴᠢᠬᠤᠯᠠ ᠰᠤᠷᠭᠠᠯ ᠦᠭᠡ ᠶᠢᠨ ᠵᠣᠷᠢᠭ ᠰᠠᠨᠠᠭ᠎ᠠ ᠶᠢ ᠢᠮᠠᠭᠲᠠ ᠪᠠᠲᠤ ᠴᠡᠭᠡᠵᠢᠯᠡᠵᠦ᠂ ᠲᠠᠷᠢᠬᠢ ᠲᠣᠯᠣᠭᠠᠢ ᠰᠡᠷᠭᠡᠭ ᠪᠠᠶᠢᠬᠤ ᠪᠠ ᠪᠠᠲᠤ ᠴᠢᠩᠭ᠎ᠠ ᠢᠲᠡᠭᠡᠯ ᠪᠢᠰᠢᠷᠡᠯ ᠲᠠᠢ ᠪᠠᠶᠢᠬᠤ ᠬᠡᠷᠡᠭᠲᠡᠢ᠃ ᠠᠵᠢᠯ ᠤᠨ ᠲᠠᠯ᠎ᠠ ᠪᠠᠷ᠂ ᠪᠦᠬᠦ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠪᠦᠯᠬᠦᠮᠳᠡᠨ ᠨᠢᠭᠡᠳᠴᠦ᠂ ᠭᠠᠷ ᠬᠤᠯᠪᠣᠨ ᠮᠥᠷᠥ ᠵᠡᠷᠭᠡᠴᠡᠨ ᠤᠷᠤᠭᠰᠢᠯᠠᠬᠤ ᠬᠡᠷᠡᠭᠲᠡᠢ᠂ ᠭᠠᠭᠴᠠ ᠬᠦ ᠯᠠᠪᠳᠠᠭᠤᠨ ᠪᠠᠲᠤᠲᠠᠢ ᠠᠵᠢᠯᠯᠠᠬᠤ ᠪᠠᠷ ᠲᠠᠮᠵᠢᠪᠠᠯ ᠰᠠᠶ᠋ᠢ ᠠᠷᠠᠳ ᠲᠦᠮᠡᠨ ᠤ ᠢᠲᠡᠭᠡᠯ ᠳᠡᠮᠵᠢᠯᠭᠡ ᠶᠢ ᠣᠯᠵᠤ᠂ ᠰᠠᠶ᠋ᠢ ᠰᠢᠨ᠎ᠡ ᠴᠠᠭ ᠦᠶ᠎ᠡ ᠶᠢᠨ ᠠᠶᠠᠨ ᠵᠠᠮ ᠳᠤ ᠲᠠᠰᠤᠷᠠᠯᠳᠠ ᠦᠭᠡᠢ ᠤᠷᠤᠭᠰᠢᠯᠠᠵᠤ ᠴᠢᠳᠠᠨ᠎ᠠ ᠭᠡᠵᠦ ᠴᠢᠬᠤᠯᠠᠴᠢᠯᠠᠪᠠ᠃       ᠲᠤᠭ ᠮᠠᠨᠳᠤᠭᠤᠯᠬᠤ ᠶᠣᠰᠣᠯᠠᠯ ᠲᠡᠭᠦᠰᠦᠭᠰᠡᠨ ᠤ ᠲᠠᠷᠠᠭ᠎ᠠ᠂ ᠶᠣᠰᠣᠯᠠᠯ ᠳᠤ ᠣᠷᠣᠯᠴᠠᠭᠰᠠᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ᠂ ᠲᠤᠰ ᠤᠳᠠᠭ᠎ᠠ ᠶᠢᠨ ᠲᠤᠭ ᠮᠠᠨᠳᠤᠭᠤᠯᠬᠤ ᠶᠣᠰᠣᠯᠠᠯ ᠢᠶᠠᠷ ᠠᠵᠠ ᠲᠣᠬᠢᠶᠠᠯ ᠪᠣᠯᠭᠠᠵᠤ᠂ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠴᠢᠨᠠᠭᠰᠢᠳᠠ ᠴᠢᠩᠭᠠᠳᠬᠠᠵᠤ᠂ ᠲᠤᠬᠠᠶᠢᠯᠠᠭᠰᠠᠨ ᠠᠵᠢᠯ ᠳᠤ ᠪᠠᠨ ᠰᠠᠭᠤᠷᠢᠯᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠲᠤᠰ ᠲᠤᠰ ᠤᠨ ᠠᠵᠢᠯ ᠤᠨ ᠪᠠᠶᠢᠷᠢ ᠳᠡᠭᠡᠷ᠎ᠡ ᠪᠠᠨ ᠡᠭᠦᠷᠭᠡ ᠬᠠᠷᠢᠭᠤᠴᠠᠯᠭ᠎ᠠ ᠪᠠᠨ ᠬᠢᠴᠢᠶᠡᠩᠭᠦ᠋ᠢᠯᠡᠨ ᠰᠠᠬᠢᠵᠤ᠂ ᠡᠷᠡᠯᠬᠡᠭᠯᠡᠨ ᠲᠡᠮᠡᠴᠡᠵᠦ᠂ ᠨᠡᠩ ᠡᠶ᠎ᠡ ᠵᠣᠬᠢᠴᠠᠩᠭᠤᠢ ᠰᠠᠶᠢᠨ ᠰᠠᠶᠢᠬᠠᠨ ᠨᠡᠶᠢᠭᠡᠮ ᠢ ᠪᠠᠶᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃
ᠢᠷᠡᠯᠲᠡ᠄ ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ