ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠠᠵᠢᠯ ᠠᠴᠠ ᠪᠠᠨ ᠠᠮᠠᠷᠠᠭᠰᠠᠳ | ᠪᠠᠭᠤᠭᠰᠠᠳ ᠤᠨ 2024 ᠣᠨ ᠤ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠵᠤ᠂ ᠥᠪᠡᠷᠲᠡᠭᠡᠨ | ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶᠠᠨ ᠤ ᠱᠦᠵᠢ᠂ ᠲᠢᠩᠬᠢᠮ ᠤᠨ ᠳᠠᠷᠤᠭ᠎ᠠ ᠵᠧᠩ ᠭᠤᠸᠠᠩ ᠵᠤᠤ | ᠬᠤᠷᠠᠯ ᠳᠤ ᠣᠷᠣᠯᠴᠠᠭᠰᠠᠨ ᠪᠥᠭᠡᠳ ᠠᠬᠠᠮᠠᠳ ᠺᠠᠳ᠋ᠷᠴᠤᠳ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ | ᠬᠤᠷᠢᠶᠠᠨ ᠤ ᠭᠡᠰᠢᠭᠦᠨ᠂ ᠤᠯᠤᠰ ᠲᠥᠷᠥ ᠶᠢᠨ ᠬᠡᠯᠲᠡᠰ ᠤᠨ ᠡᠷᠬᠢᠯᠡᠭᠴᠢ ᠸᠠᠩ ᠪᠢᠨ ᠬᠤᠷᠠᠯ ᠢ ᠡᠷᠭᠢᠯᠡᠵᠦ᠂ ᠲᠢᠩᠬᠢᠮ ᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠥᠬᠦᠳ ᠪᠣᠯᠤᠨ ᠠᠬᠠᠮᠠᠳ ᠺᠠᠳ᠋ᠷᠴᠤᠳ ᠤᠨ ᠲᠥᠯᠥᠭᠡᠯᠡᠭᠴᠢ ᠬᠤᠷᠠᠯ ᠳᠤ ᠣᠷᠣᠯᠴᠠᠪᠠ᠃ | | | | ᠬᠤᠷᠠᠯ ᠳᠡᠭᠡᠷ᠎ᠡ᠂ 2024 ᠣᠨ ᠤ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠠᠵᠢᠯ ᠪᠣᠯᠤᠨ ᠠᠬᠠᠮᠠᠳ ᠺᠠᠳ᠋ᠷ ᠤᠨ ᠠᠵᠢᠯ ᠤᠨ ᠪᠠᠶᠢᠳᠠᠯ ᠢ | ᠮᠡᠳᠡᠭᠳᠡᠪᠡ᠃ ᠵᠧᠩ ᠭᠤᠸᠠᠩ ᠵᠣᠣ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠠᠵᠢᠯ ᠠᠴᠠ ᠪᠠᠨ ᠠᠮᠠᠷᠠᠭᠰᠠᠨ ᠪᠠᠭᠤᠭᠰᠠᠨ ᠺᠠᠳ᠋ᠷᠴᠤᠳ ᠤᠨ ᠨᠠᠮ ᠤᠨ ᠬᠤᠷᠢᠶ᠎ᠠ | ︽ᠪᠥᠬᠦ ᠤᠯᠤᠰ ᠤᠨ ᠠᠵᠢᠯ ᠠᠴᠠ ᠪᠠᠨ ᠠᠮᠠᠷᠠᠭᠰᠠᠨ ᠪᠠᠭᠤᠭᠰᠠᠨ ᠺᠠᠳ᠋ᠷᠴᠤᠳ ᠤᠨ ᠲᠡᠷᠢᠭᠦᠨ ᠤ ᠬᠠᠮᠲᠤ ᠨᠢᠭᠡᠴᠢ︾ ᠶᠢᠨ ᠴᠣᠯᠠ ᠭᠥᠷᠳᠡᠭᠰᠡᠨ ᠳᠤ ᠪᠠᠶᠠᠷ ᠬᠦᠷᠭᠡᠵᠦ᠂ | ᠪᠥᠬᠦ ᠠᠬᠠᠮᠠᠳ ᠺᠠᠳ᠋ᠷ ᠵᠢᠴᠢ ᠬᠡᠷ ᠪᠦᠯᠢ ᠶᠢᠨ ᠬᠢᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠠ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠦ᠂ ᠲᠡᠳᠡᠨ ᠤ ᠥᠪᠥᠷ | ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠦᠢᠯᠡᠰ ᠲᠤ ᠪᠠᠲᠤ ᠪᠠᠬᠢ ᠰᠠᠭᠤᠷᠢ ᠲᠠᠯᠪᠢᠭᠰᠠᠨ ᠪᠠ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠠᠵᠢᠯ ᠢ | ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃ ᠬᠤᠷᠠᠯ ᠳᠤ ᠣᠷᠣᠯᠴᠠᠭᠰᠠᠨ ᠠᠬᠠᠮᠠᠳ | ᠺᠠᠳ᠋ᠷᠴᠤᠳ ᠤᠨ ᠲᠥᠯᠥᠭᠡᠯᠡᠭᠴᠢ᠂ 2024 ᠣᠨ ᠳᠤ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠠᠵᠢᠯ ᠪᠣᠯᠤᠨ ᠡᠩᠨᠡᠭᠡ ᠶᠢᠨ ᠪᠠᠶᠢᠭᠤᠯᠤᠯᠲᠠ ᠠᠯᠢ ᠣᠯᠠᠨ | ᠰᠢᠨ᠎ᠡ ᠦᠷ᠎ᠡ ᠪᠦᠲᠦᠮᠵᠢ ᠣᠯᠵᠤ᠂ ᠡᠯ᠎ᠡ ᠵᠦᠢᠯ ᠤᠨ ᠠᠵᠢᠯ ᠲᠣᠭᠲᠠᠭᠤᠨ ᠤ ᠳᠤᠮᠳᠠ ᠤᠷᠤᠭᠰᠢᠯᠠᠨ ᠳᠡᠪᠰᠢᠵᠦ᠂ ᠤᠷᠤᠭᠰᠢᠯᠠᠯᠲᠠ ᠶᠢᠨ ᠳᠤᠮᠳᠠ ᠶᠠᠰᠤ ᠴᠢᠨᠠᠷ ᠢ | ᠳᠡᠭᠡᠭᠰᠢᠯᠡᠭᠦᠯᠵᠦ᠂ ᠠᠵᠢᠯ ᠠᠴᠠ ᠪᠠᠨ ᠠᠮᠠᠷᠠᠭᠰᠠᠨ ᠪᠠᠭᠤᠭᠰᠠᠨ ᠠᠬᠠᠮᠠᠳ ᠺᠠᠳ᠋ᠷ ᠪᠣᠯᠤᠭᠰᠠᠨ ᠤ ᠬᠤᠪᠢ ᠳᠤ ᠦᠷᠭᠦᠯᠵᠢᠯᠡᠨ ᠠᠪᠢᠶᠠᠰ ᠪᠢᠯᠢᠭ ᠢᠶᠠᠨ ᠪᠠᠳᠠᠷᠠᠭᠤᠯᠵᠤ᠂ | ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠦᠢᠯᠡᠰ ᠤᠨ ᠬᠥᠭᠵᠢᠯᠲᠡ ᠳᠠᠪᠰᠢᠯᠲᠠ ᠳᠤ ᠬᠦᠴᠦ ᠨᠡᠮᠡᠷᠢᠯᠡᠨ᠎ᠡ ᠭᠡᠵᠦ ᠢᠯᠡᠳᠬᠡᠪᠡ᠃ | | | | ᠵᠧᠩ ᠭᠤᠸᠠᠩ ᠵᠤᠤ᠂ ᠠᠬᠠᠮᠠᠳ ᠺᠠᠳ᠋ᠷ ᠤᠨ ᠠᠵᠢᠯ ᠪᠣᠯ ᠨᠠᠮ ᠤᠨ ᠺᠠᠳ᠋ᠷ ᠤᠨ ᠠᠵᠢᠯ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠠᠬᠠᠮᠠᠳ ᠨᠥᠬᠦᠳ ᠢ | ᠬᠦᠨᠳᠦᠳᠬᠡᠵᠦ᠂ ᠠᠬᠠᠮᠠᠳ ᠨᠥᠬᠦᠳ ᠢ ᠬᠠᠯᠠᠮᠵᠢᠯᠠᠵᠤ᠂ ᠠᠬᠠᠮᠠᠳ ᠨᠥᠬᠦᠳ ᠢ ᠬᠠᠷᠠᠭᠠᠯᠵᠠᠬᠤ ᠪᠣᠯ ᠮᠠᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠯ᠎ᠡ | ᠱᠠᠲᠤᠨ ᠤ ᠨᠠᠮ ᠤᠨ ᠬᠤᠷᠢᠶᠠᠨ ᠤ ᠭᠦᠢᠴᠡᠳᠬᠡᠪᠡᠰᠦ ᠵᠣᠬᠢᠬᠤ ᠬᠠᠷᠢᠭᠤᠴᠠᠯᠭ᠎ᠠ ᠮᠥᠨ᠃ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ | ᠶᠡᠷᠦᠩᠬᠡᠢ ᠱᠦᠵᠢ ᠰᠢ ᠶᠢᠨ ᠫᠢᠩ ᠤᠨ ᠠᠬᠠᠮᠠᠳ ᠺᠠᠳ᠋ᠷ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠪᠦᠬᠦ ᠤᠯᠤᠰ ᠤᠨ | ᠠᠵᠢᠯ ᠠᠴᠠ ᠪᠠᠨ ᠠᠮᠠᠷᠠᠭᠰᠠᠨ ᠪᠠᠭᠤᠭᠰᠠᠨ ᠺᠠᠳ᠋ᠷᠴᠤᠳ ᠤᠨ ︽ᠬᠤᠣᠰ ᠲᠡᠷᠢᠭᠦᠨ︾ ᠤ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠠᠳᠬᠢᠯ ᠳᠤ ᠪᠠᠨ ᠠᠪᠬᠤ ᠠᠴᠠ ᠪᠣᠳᠠᠲᠠᠢ ᠬᠢᠵᠦ᠂ ᠨᠠᠷᠢᠯᠢᠭ ᠣᠨᠣᠪᠴᠢᠲᠠᠢ ᠪᠠᠶᠢᠬᠤ ᠳᠤᠮᠳᠠ ᠠᠬᠠᠮᠠᠳ ᠺᠠᠳ᠋ᠷ ᠤᠨ | ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ ᠢ ᠰᠠᠨᠠᠭ᠎ᠠ ᠠᠮᠤᠷ ᠪᠠᠶᠢᠯᠭᠠᠵᠤ᠂ ᠠᠬᠠᠮᠠᠳ ᠺᠠᠳ᠋ᠷ ᠢ ᠰᠡᠳᠬᠢᠯ | ᠬᠠᠨᠤᠮᠵᠢᠲᠠᠢ ᠪᠠᠶᠢᠯᠭᠠᠬᠤ ᠪᠠᠷ ᠴᠢᠷᠮᠠᠶᠢᠬᠤ ᠬᠡᠷᠡᠭᠲᠡᠢ᠃ ᠠᠬᠠᠮᠠᠳ ᠺᠠᠳ᠋ᠷᠴᠤᠳ ᠤᠨ ᠥᠪᠡᠷᠮᠢᠴᠡ ᠤᠯᠤᠰ ᠲᠥᠷᠥ ᠶᠢᠨ ᠳᠠᠪᠠᠭᠤᠯᠢᠭ᠂ ᠲᠤᠷᠰᠢᠯᠭ᠎ᠠ ᠶᠢᠨ ᠳᠠᠪᠠᠭᠤᠯᠢᠭ᠂ | ᠨᠡᠷ᠎ᠡ ᠬᠦᠨᠳᠦ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠳᠣᠲᠣᠭᠠᠳᠤ ᠶᠢ ᠬᠠᠮᠠᠭᠠᠯᠠᠬᠤ ᠠᠬᠠᠮᠠᠳ ᠺᠠᠳ᠋ᠷᠴᠤᠳ ᠤᠨ ᠴᠢᠳᠠᠪᠤᠷᠢᠲᠠᠨ ᠤ ᠡᠩᠨᠡᠭᠡ ᠶᠢ ᠰᠠᠶᠢᠲᠤᠷ | ᠪᠠᠶᠢᠭᠤᠯᠤᠨ ᠰᠠᠶᠢᠲᠤᠷ ᠬᠡᠷᠡᠭᠯᠡᠵᠦ᠂ ᠠᠬᠠᠮᠠᠳ ᠺᠠᠳ᠋ᠷᠴᠤᠳ ᠤᠨ ᠰᠠᠨᠠᠯ ᠰᠠᠨᠠᠭᠤᠯᠭ᠎ᠠ ᠳᠤᠷᠠᠳᠬᠤ᠂ ᠰᠠᠶᠢᠨ ᠠᠷᠭ᠎ᠠ ᠪᠣᠳᠣᠯᠭ᠎ᠠ ᠭᠠᠷᠭᠠᠬᠤ ᠠᠷᠭ᠎ᠠ ᠵᠠᠮ ᠤᠨ ᠲᠠᠪᠴᠠᠩ ᠢ | ᠰᠠᠶᠢᠲᠤᠷ ᠪᠠᠶᠢᠭᠤᠯᠵᠤ᠂ ᠠᠬᠠᠮᠠᠳ ᠺᠠᠳ᠋ᠷᠴᠤᠳ ᠢ ᠬᠠᠪᠰᠤᠷᠤᠨ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠢᠨ᠎ᠡ ᠴᠢᠨᠠᠷ ᠴᠢᠨᠰᠠᠭ᠎ᠠ ᠳᠠᠶᠢᠴᠢᠨ | ᠬᠦᠴᠦᠨ ᠢ ᠳᠡᠭᠡᠭᠰᠢᠯᠡᠭᠦᠯᠬᠦ ᠳᠤᠮᠳᠠ ᠦᠶᠯᠡᠳᠦᠯ ᠢᠶᠠᠨ ᠪᠠᠳᠠᠷᠠᠭᠤᠯᠵᠤ᠂ ᠳᠠᠪᠠᠭᠤᠯᠢᠭ ᠢᠶᠠᠨ ᠪᠠᠳᠠᠷᠠᠭᠤᠯᠬᠤ ᠬᠡᠷᠡᠭᠲᠡᠶ᠃ ᠠᠵᠢᠯ ᠠᠴᠠ ᠪᠠᠨ ᠲᠠᠷᠬᠠᠯᠠᠬᠳᠠᠬᠰᠠᠨ ᠪᠠ | ᠠᠵᠢᠯ ᠠᠴᠠ ᠪᠠᠨ ᠠᠮᠠᠷᠠᠭᠰᠠᠳ ᠪᠠᠭᠤᠭᠰᠠᠳ ᠤᠨ ᠡᠯ᠎ᠡ ᠵᠦᠢᠯ ᠤᠨ ᠦᠢᠯᠡᠴᠢᠯᠡᠭᠡᠨ ᠤ ᠪᠠᠲᠤᠯᠠᠭ᠎ᠠ ᠶᠢ ᠴᠢᠩ ᠰᠡᠳᠬᠢᠯ ᠠᠴᠠ ᠪᠠᠨ ᠨᠠᠷᠢᠨ ᠣᠨᠣᠪᠴᠢᠲᠠᠢ ᠰᠠᠶᠢᠲᠤᠷ | ᠬᠢᠵᠦ᠂ ᠡᠷᠡᠭᠦᠯ ᠮᠡᠨᠳᠤ ᠶᠢᠨ ᠠᠰᠠᠭᠤᠨ ᠯᠠᠪᠯᠠᠯᠲᠠ᠂ ᠡᠮᠴᠢᠯᠡᠭᠡᠨ ᠤ ᠰᠤᠪᠢᠯᠠᠯᠲᠠ᠂ ᠰᠡᠳᠬᠢᠴᠡ ᠶᠢᠨ ᠵᠢᠯᠤᠭᠤᠳᠤᠯᠭ᠎ᠠ ᠵᠡᠷᠭᠡ ᠠᠵᠢᠯ ᠢ ᠦᠷᠭᠦᠯᠵᠢᠯᠡᠨ ᠰᠠᠶᠢᠲᠤᠷ ᠬᠢᠵᠦ᠂ | ᠠᠬᠠᠮᠠᠳ ᠺᠠᠳ᠋ᠷᠴᠤᠳ ᠲᠤ ᠦᠨᠡᠨ ᠬᠦ ᠪᠣᠳᠠᠲᠠᠢ ᠶᠠᠪᠤᠳᠠᠯ ᠬᠢᠵᠦ᠂ ᠰᠠᠶᠢᠨ ᠶᠠᠪᠤᠳᠠᠯ ᠬᠢᠵᠦ᠂ ᠬᠦᠴᠢᠷ ᠠᠰᠠᠭᠤᠳᠠᠯ ᠢ ᠨᠢ ᠰᠢᠢᠳᠪᠦᠷᠢᠯᠡᠵᠦ᠂ ᠠᠬᠠᠮᠠᠳ ᠺᠠᠳ᠋ᠷᠴᠤᠳ ᠲᠤ | ᠦᠨᠡᠨ ᠬᠦ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠮᠡᠳᠡᠷᠡᠭᠦᠯᠵᠦ᠂ ᠥᠲᠡᠯᠦᠭᠡ ᠨᠠᠰᠤ ᠪᠠᠨ ᠨᠡᠩ ᠰᠠᠨᠠᠭ᠎ᠠ ᠠᠮᠤᠷ᠂ ᠲᠠᠭᠠᠯᠠᠮᠵᠢᠲᠠᠢ᠂ ᠬᠠᠯᠠᠭᠤᠨ ᠳᠤᠯᠠᠭᠠᠨ | ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ |