2025 ᠣᠨ ᠤ 2 ᠳ᠋ᠤᠭᠠᠷ ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠪᠥᠬᠦ ᠣᠷᠣᠨ ᠤ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠨᠠᠷ ᠤᠨ ᠬᠤᠷᠠᠯ ᠬᠤᠷᠠᠯᠳᠤᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ᠂ ᠳᠣᠲᠣᠭᠠᠳᠤ ᠶᠢ | ᠬᠠᠮᠠᠭᠠᠯᠠᠬᠤ ᠶᠠᠮᠤᠨ ᠤ ᠰᠢᠷᠢᠰ ᠴᠢᠬᠤᠯᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠤᠯᠠᠮᠵᠢᠯᠠᠨ ᠲᠤᠭᠤᠰᠢᠯᠠᠭᠤᠯᠵᠤ᠂ ᠠᠵᠢᠯ ᠢᠶᠠᠨ ᠳ᠋ᠦᠩᠨᠡᠨ ᠪᠠᠶᠢᠳᠠᠯ ᠢ | ᠵᠠᠳᠠᠯᠬᠤ ᠶᠢᠨ ᠬᠠᠮᠲᠤ 2025 ᠣᠨ ᠤ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠭᠤᠤᠯᠳᠠᠯᠭ᠎ᠠ ᠲᠠᠢ ᠠᠵᠢᠯ ᠳᠤ ᠪᠠᠶᠢᠷᠢᠯᠠᠭᠤᠯᠤᠯᠲᠠ ᠬᠢᠪᠠ᠃ ᠥᠪᠡᠷᠲᠡᠭᠡᠨ | ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶᠠᠨ ᠤ ᠱᠦᠵᠢ᠂ ᠲᠢᠩᠬᠢᠮ ᠤᠨ ᠳᠠᠷᠤᠭ᠎ᠠ ᠵᠧᠩ ᠭᠤᠸᠠᠩ ᠵᠣᠣ | ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶᠠᠨ ᠤ ᠳᠡᠳ᠋ ᠱᠦᠵᠢ᠂ ᠲᠢᠩᠬᠢᠮ ᠤᠨ | ᠪᠠᠶᠢᠩᠭᠤ ᠶᠢᠨ ᠳᠡᠳ᠋ ᠳᠠᠷᠤᠭ᠎ᠠ ᠯᠢᠦ ᠬᠤᠩ ᠬᠤᠷᠠᠯ ᠢ ᠡᠷᠭᠢᠯᠡᠪᠡ᠃ | | | | ᠬᠤᠷᠠᠯ ᠳᠡᠭᠡᠷ᠎ᠡ ᠲᠥᠪ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ᠂ ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠲᠢᠩᠬᠢᠮ | ᠲᠣᠪᠴᠢᠶᠠᠨ ᠳᠠᠷᠤᠭ᠎ᠠ ᠨᠠᠷ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ | ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠤᠯᠠᠮᠵᠢᠯᠠᠪᠠ᠃ ᠬᠥᠬᠡᠬᠤᠲᠠ᠂ ᠲᠦᠩᠯᠢᠶᠣᠤ ᠬᠤᠲᠠ᠂ ᠰᠢᠯᠢ ᠶᠢᠨ ᠭᠤᠤᠯ ᠠᠶᠢᠮᠠᠭ᠂ ᠤᠯᠠᠭᠠᠨᠴᠠᠪ ᠬᠤᠲᠠ ᠶᠢᠨ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ᠲᠣᠰ ᠲᠣᠰ ᠰᠠᠨᠠᠯ ᠢᠶᠠᠨ ᠰᠣᠯᠢᠯᠴᠠᠬᠤ ᠦᠭᠡ ᠬᠡᠯᠡᠪᠡ᠃ | ᠬᠤᠷᠠᠯ ᠠᠴᠠ᠂ ᠥᠩᠭᠡᠷᠡᠭᠰᠡᠨ ᠨᠢᠭᠡ ᠵᠢᠯ ᠳᠤ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠪᠣᠯᠤᠨ ᠳᠣᠲᠣᠭᠠᠳᠤ ᠶᠢ ᠬᠠᠮᠠᠭᠠᠯᠠᠬᠤ ᠶᠠᠮᠤᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠪᠥᠬᠦ ᠴᠠᠭᠳᠠᠭ᠎ᠠ ᠶᠢ ᠳᠠᠶᠢᠴᠢᠯᠠᠨ ᠠᠮᠤᠷ | ᠲᠦᠪᠰᠢᠨ ᠲᠣᠭᠲᠠᠭᠤᠨ ᠢ ᠬᠠᠮᠠᠭᠠᠯᠠᠬᠤ ᠡᠯ᠎ᠡ ᠵᠦᠶᠯ ᠤᠨ ᠠᠵᠢᠯ ᠳᠤ ᠣᠷᠣᠯᠴᠠᠭᠤᠯᠵᠤ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠣᠳᠣᠬᠢᠴᠢᠯᠠᠯᠲᠠ ᠶᠢᠨ | ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠪᠣᠯᠤᠨ ᠠᠷᠠᠳ ᠲᠦᠮᠡᠨ ᠳᠤ ᠠᠮᠤᠷ ᠠᠮᠤᠭᠤᠯᠠᠩ | ᠬᠠᠷᠢᠭᠤᠯᠲᠠ ᠶᠢᠨ ᠬᠠᠭᠤᠳᠠᠰᠤ ᠲᠤᠰᠢᠶᠠᠭᠰᠠᠨ ᠪᠠᠶᠢᠨ᠎ᠠ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠡᠨᠡ ᠵᠢᠯ ᠪᠣᠯ ︽〈 ᠳᠥᠷᠪᠡᠨ ᠰᠢᠨ᠎ᠡ 〉 ᠶᠢ ᠦᠢᠯᠡᠳᠦᠯᠭᠡᠵᠢᠭᠦᠯᠵᠦ᠂ ᠰᠢᠪᠲᠤᠯᠤᠯᠲᠠ ᠭᠠᠷᠭᠠᠵᠤ ᠳᠡᠭᠡᠭᠰᠢᠯᠡᠭᠦᠯᠬᠦ︾ ᠵᠠᠩᠭᠢᠯᠠᠭ᠎ᠠ ᠶᠢᠨ ᠨᠢᠭᠡ | ᠵᠢᠯ᠂ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ | ᠠᠵᠢᠯ ᠤᠨ ᠭᠤᠤᠯ ᠰᠢᠵᠢᠮ ᠪᠣᠯᠭᠠᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠷ ᠠᠵᠢᠯ ᠤᠨ ᠰᠠᠭᠤᠷᠢ ᠴᠡᠭ ᠪᠣᠯᠭᠠᠵᠤ᠂ ︽ᠲᠤᠰᠬᠠᠶ | ᠮᠡᠷᠭᠡᠵᠢᠯ + ᠲᠣᠭᠲᠠᠴᠠ + ᠲᠣᠮᠣ ᠳ᠋ᠠᠶᠢᠲ᠋ᠠ︾ ᠶᠢᠨ ᠰᠢᠨ᠎ᠡ ᠬᠡᠯᠪᠡᠷᠢ ᠶᠢᠨ ᠴᠠᠭᠳᠠᠭᠠᠨ ᠤ ᠶᠠᠪᠤᠳᠠᠯ ᠤᠨ ᠠᠵᠢᠯᠯᠠᠭᠠᠨ ᠤ ᠵᠠᠭᠪᠤᠷ ᠢ ᠠᠬᠢᠭᠤᠯᠬᠤ ᠪᠠᠷ ᠬᠥᠲᠥᠯᠦᠮᠵᠢ | ᠪᠣᠯᠭᠠᠵᠤ᠂ ︽ᠳᠥᠷᠪᠡᠨ ᠰᠢᠨ᠎ᠡ︾ ᠶᠢ ᠰᠠᠶᠢᠲᠤᠷ ᠠᠳᠬᠤᠬᠤ ᠳᠡᠭᠡᠷ᠎ᠡ ᠬᠦᠴᠦ ᠲᠠᠯᠪᠢᠵᠤ᠂ ᠤᠯᠤᠰ ᠲᠥᠷᠥ ᠶᠢᠨ ᠠᠮᠤᠷ ᠲᠦᠪᠰᠢᠨ᠂ ᠨᠡᠶᠢᠭᠡᠮ ᠤᠨ ᠲᠣᠭᠲᠠᠭᠤᠨ᠂ | ᠨᠡᠶᠢᠲᠡ ᠶᠢᠨ ᠠᠮᠤᠷ ᠲᠦᠪᠰᠢᠨ᠂ ᠬᠥᠭᠵᠢᠯᠲᠡ ᠳᠤ ᠦᠶᠯᠡᠴᠢᠯᠡᠬᠦ ᠳᠥᠷᠪᠡᠨ ᠶᠡᠭᠡ ᠡᠭᠦᠷᠭᠡ ᠴᠢᠳᠠᠪᠤᠷᠢ ᠶᠢᠨ ᠰᠢᠰᠲ᠋ᠧᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ | ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠢᠨ᠎ᠡ ᠴᠢᠨᠠᠷ ᠪᠦᠬᠦᠢ ᠳᠠᠶᠢᠴᠢᠨ ᠬᠦᠴᠦᠨ ᠢ ᠲᠦᠷᠭᠡᠳᠬᠡᠨ ᠳᠡᠭᠡᠭᠰᠢᠯᠡᠭᠦᠯᠵᠦ᠂ ᠠᠶᠤᠯ | ᠲᠦᠭᠰᠢᠭᠦᠷᠢ ᠶᠢ ᠰᠡᠷᠭᠡᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠪᠠᠶᠢᠳᠠᠯ ᠢ ᠬᠠᠮᠠᠭᠠᠯᠠᠬᠤ᠂ ᠬᠥᠭᠵᠢᠯᠲᠡ ᠶᠢ ᠠᠬᠢᠭᠤᠯᠬᠤ ᠪᠦᠬᠦᠯᠢ ᠴᠣᠭᠴᠠ ᠶᠢᠨ ᠶᠠᠰᠤ | ᠴᠢᠨᠠᠷ ᠦᠷ᠎ᠡ ᠪᠦᠲᠦᠮᠵᠢ ᠶᠢ ᠪᠦᠬᠦ ᠲᠠᠯ᠎ᠠ ᠪᠠᠷ ᠬᠥᠲᠥᠯᠥᠨ ᠳᠠᠭᠠᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ | ᠥᠨᠳᠥᠷ ᠲᠦᠪᠰᠢᠨ ᠢᠶᠠᠷ ᠪᠠᠲᠤ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ︽ᠵᠢᠯ ᠪᠦᠷᠢ ᠬᠡᠳᠦᠨ ᠠᠰᠠᠭᠤᠳᠠᠯ ᠢ ᠤᠨᠢᠨ ᠳᠡᠭᠡᠷ᠎ᠡ ᠨᠢ ᠰᠢᠢᠳᠪᠦᠷᠢᠯᠡᠬᠦ︾ ᠶᠢ | ᠪᠠᠷᠢᠮᠲᠠᠯᠠᠵᠤ᠂ ︽ᠦᠷ᠎ᠡ ᠠᠰᠢᠭ ᠢ ᠣᠯᠵᠤ ᠬᠠᠷᠠᠬᠤ︾ ᠭᠤᠣᠯᠳᠠᠯᠭ᠎ᠠ ᠲᠠᠢ ᠡᠭᠦᠷᠭᠡ᠂ ᠭᠤᠣᠯᠳᠠᠯᠭ᠎ᠠ ᠲᠠᠢ ᠪᠣᠳᠠᠲᠤ ᠶᠠᠪᠤᠳᠠᠯ ᠤᠨ ᠨᠠᠷᠢᠨ ᠲᠠᠩᠰᠠ ᠶᠢᠨ ᠲᠦᠷᠢᠮ ᠢ | ᠭᠦᠨᠵᠡᠭᠡᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠵᠤ᠂ | ᠳᠣᠲᠣᠭᠠᠳᠤ ᠶᠢ ᠬᠠᠮᠠᠭᠠᠯᠠᠬᠤ ᠭᠤᠣᠯ ᠬᠠᠷᠢᠭᠤᠴᠠᠯᠭ᠎ᠠ ᠭᠤᠣᠯ ᠠᠵᠢᠯ ᠤᠨ ᠲᠦᠪᠰᠢᠨ ᠢ ᠳᠡᠭᠡᠭᠰᠢᠯᠡᠭᠦᠯᠬᠦ᠂ ᠠᠶᠤᠯ ᠲᠦᠭᠰᠢᠭᠦᠷᠢ ᠳᠠᠯᠳᠠ ᠭᠡᠮ ᠢ ᠰᠡᠷᠭᠡᠶᠢᠯᠡᠨ | ᠡᠵᠡᠮᠳᠡᠬᠦ ᠰᠠᠭᠤᠷᠢ ᠶᠢ ᠠᠳᠬᠤᠬᠤ᠂ ᠰᠢᠨ᠎ᠡ ᠴᠢᠨᠠᠷ ᠪᠦᠬᠦᠢ ᠲᠠᠶᠢᠴᠢᠨ ᠬᠦᠴᠦᠨ ᠢ ᠪᠤᠶᠢᠵᠢᠭᠤᠯᠬᠤ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ᠂ ᠴᠢᠨᠠᠷ ᠰᠠᠶᠢᠲᠠᠢ | ᠬᠥᠭᠵᠢᠯᠲᠡ ᠳᠤ ᠦᠢᠯᠡᠴᠢᠯᠡᠬᠦ ᠶᠢ ᠭᠦᠨᠵᠡᠭᠡᠢ ᠠᠭᠤᠰᠤᠯᠴᠠᠭᠤᠯᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠬᠠᠮᠢᠶᠠᠷᠴᠤ ᠴᠠᠭᠳᠠᠭ᠎ᠠ ᠶᠢ ᠴᠢᠩᠭ᠎ᠠ ᠵᠠᠰᠠᠬᠤ ᠪᠠᠲᠤᠯᠠᠭ᠎ᠠ ᠶᠢ | ᠴᠢᠩᠭᠠᠳᠬᠠᠬᠤ ᠶᠢ ᠠᠬᠢᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠠᠵᠢᠯ ᠰᠢᠨ᠎ᠡ ᠬᠥᠭᠵᠢᠯᠲᠡ | ᠲᠠᠪᠰᠢᠯᠳᠠ ᠲᠠᠢ ᠪᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | | | ᠬᠤᠷᠠᠯ ᠠᠴᠠ᠂ ᠪᠦᠬᠦ ᠣᠷᠣᠨ ᠤ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠥᠪᠡᠷᠲᠡᠭᠡᠨ ᠵᠠᠰᠠᠬᠤ ᠣᠷᠣᠨ ᠤ ︽ᠨᠢᠭᠡ ᠭᠤᠣᠯ ᠰᠢᠵᠢᠮ ᠢ | ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠮᠣᠩᠭᠤᠯ ᠮᠤᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ ᠢᠶᠠᠷ ᠵᠠᠮᠨᠠᠵᠤ ᠳᠤᠮᠳᠠ | ᠤᠷᠤᠰᠬᠠᠯ ᠳᠤ ᠣᠷᠣᠬᠤ︾ ᠶᠡᠷᠦᠩᠬᠡᠢ ᠪᠠᠶᠢᠷᠢᠯᠠᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢᠨ ᠲᠦᠷᠦᠭᠦᠦ | ᠬᠠᠷᠢᠭᠤᠴᠠᠯᠭ᠎ᠠ ᠳᠤ ᠰᠠᠭᠤᠷᠢᠯᠠᠵᠤ᠂ ᠥᠨᠳᠥᠷ ᠪᠠᠷᠢᠮᠵᠢᠶ᠎ᠠ ᠪᠠᠷ ᠤᠯᠤᠰ ᠲᠦᠷᠦ ᠶᠢᠨ ᠠᠮᠤᠷ ᠲᠦᠪᠰᠢᠨ ᠢ ᠬᠠᠮᠠᠭᠠᠯᠠᠬᠤ ᠬᠡᠷᠡᠭᠲᠡᠢ︔ ᠵᠥᠷᠢᠴᠡᠯ ᠢ ᠢᠳᠡᠪᠬᠢᠲᠡᠢ | ᠰᠢᠢᠳᠪᠦᠷᠢᠯᠡᠵᠦ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠵᠦ᠂ ᠠᠮᠤᠷ ᠲᠦᠪᠰᠢᠨ ᠲᠣᠭᠲᠠᠭᠤᠨ ᠢ ᠥᠨᠳᠥᠷ ᠲᠦᠪᠰᠢᠨ ᠢᠶᠠᠷ ᠬᠠᠮᠠᠭᠠᠯᠠᠬᠤ ᠬᠡᠷᠡᠭᠲᠡᠢ︔ | ᠳᠣᠲᠣᠭᠠᠳᠤ ᠶᠢ ᠬᠠᠮᠠᠭᠠᠯᠠᠬᠤ ᠵᠠᠰᠠᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠷᠠᠳ ᠲᠦᠮᠡᠨ ᠤ ᠠᠮᠤᠷ ᠲᠣᠭᠲᠠᠭᠤᠨ ᠢ ᠴᠢᠨᠠᠷ ᠰᠠᠶᠢᠲᠠᠶ ᠰᠠᠬᠢᠨ ᠬᠠᠮᠠᠭᠠᠯᠠᠬᠤ | ᠬᠡᠷᠡᠭᠲᠡᠢ︔ ᠦᠢᠯᠡᠴᠢᠯᠡᠭᠡᠨ ᠤ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠤ ᠠᠬᠤᠢ ᠶᠢᠨ ᠬᠥᠭᠵᠢᠯᠲᠡ ᠶᠢ ᠴᠢᠨᠠᠷ | ᠰᠠᠶᠢᠲᠠᠢ ᠬᠠᠮᠠᠭᠠᠯᠠᠬᠤ ᠬᠡᠷᠡᠭᠲᠡᠢ᠃ ︽ᠲᠤᠰᠬᠠᠶ ᠴᠠᠭᠳᠠᠭᠠᠨ ᠤ ᠲᠥᠷᠥᠯ ᠪᠣᠯᠬᠤ︾ ᠪᠠᠷ ᠰᠢᠨ᠎ᠡ ᠴᠢᠨᠠᠷ ᠤᠨ ᠳᠠᠶᠢᠴᠢᠨ ᠬᠦᠴᠦᠨ ᠢ ᠡᠬᠢᠯᠡᠭᠦᠯᠬᠦ ᠶᠡᠭᠡ ᠬᠥᠳᠡᠯᠭᠡᠭᠦᠷ | ᠪᠣᠯᠭᠠᠵᠤ᠂ ︽ᠲᠣᠭᠲᠠᠴᠠ ᠶᠢ ᠰᠢᠯᠢᠳᠡᠭᠵᠢᠭᠦᠯᠬᠦ︾ ᠪᠠᠷ ᠰᠢᠨ᠎ᠡ ᠴᠢᠨᠠᠷ ᠪᠦᠬᠦᠢ ᠳᠠᠶᠢᠴᠢᠨ ᠬᠦᠴᠦᠨ ᠢ ᠴᠣᠭᠴᠠᠯᠠᠬᠤ ᠨᠡᠮᠡᠭᠳᠡᠯ ᠤᠨ ᠲᠦᠢᠯ ᠪᠣᠯᠭᠠᠵᠤ᠂ ︽ᠲᠣᠮᠣ | ᠳ᠋ᠠᠶᠢᠲ᠋ᠠ ᠠᠴᠠ ᠡᠨᠧᠷᠭᠢ ᠣᠯᠭᠤᠬᠤ ᠶᠢ ᠪᠣᠳᠠᠲᠠᠶᠢᠵᠢᠭᠤᠯᠬᠤ︾ ᠪᠠᠷ ᠰᠢᠨ᠎ᠡ ᠴᠢᠨᠠᠷ ᠪᠦᠬᠦᠢ ᠳᠠᠶᠢᠴᠢᠨ ᠬᠦᠴᠦᠨ ᠢ ᠡᠭᠦᠰᠭᠡᠬᠦ ᠥᠨᠳᠥᠷ ᠬᠥᠳᠡᠯᠭᠡᠬᠦ ᠡᠨᠧᠷᠭᠢ | ᠪᠣᠯᠭᠠᠵᠤ᠂ ︽ᠲᠤᠰᠬᠠᠶ ᠮᠡᠷᠭᠡᠵᠢᠯ + ᠲᠣᠭᠲᠠᠴᠠ + ᠲᠣᠮᠣ ᠳ᠋ᠠᠶᠢᠲ᠋ᠠ︾ ᠶᠢᠨ ᠰᠢᠨ᠎ᠡ ᠬᠡᠯᠪᠡᠷᠢ ᠶᠢᠨ ᠴᠠᠭᠳᠠᠭᠠᠨ ᠤ ᠶᠠᠪᠤᠳᠠᠯ ᠤᠨ ᠠᠵᠢᠯᠯᠠᠭᠠᠨ ᠤ ᠵᠠᠭᠪᠤᠷ ᠢ ᠤᠯᠠᠮ | ᠨᠢᠭᠡ ᠠᠯᠬᠤᠮ ᠪᠠᠶᠢᠭᠤᠯᠤᠨ ᠲᠡᠭᠦᠯᠳᠡᠷᠵᠢᠭᠦᠯᠵᠦ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠢᠨ᠎ᠡ ᠴᠢᠨᠠᠷ ᠪᠦᠬᠦᠢ ᠳᠠᠶᠢᠴᠢᠨ ᠬᠦᠴᠦᠨ ᠢ | ᠳᠡᠭᠡᠭᠰᠢᠯᠡᠭᠦᠯᠬᠦ ᠢᠨᠵᠧᠨᠧᠷᠢᠩ ᠢ ᠪᠥᠬᠦ ᠲᠠᠯ᠎ᠠ ᠪᠠᠷ ᠠᠬᠢᠭᠤᠯᠤᠨ ᠬᠡᠷᠡᠭᠵᠢᠭᠦᠯᠬᠦ ᠬᠡᠷᠡᠭᠲᠡᠶ᠃ ︽ᠳᠥᠷᠪᠡᠨ ᠲᠡᠮᠦᠷ ᠮᠡᠲᠦ︾ ᠪᠠᠷᠢᠮᠵᠢᠶ᠎ᠠ ᠶᠢ ᠲᠣᠭᠲᠠᠭᠠᠵᠤ᠂ ᠥᠨᠳᠥᠷ | ᠬᠡᠪ ᠪᠣᠯᠪᠠᠰᠤᠷᠠᠯ ᠲᠠᠢ ᠪᠠᠲᠤ ᠴᠢᠩᠭ᠎ᠠ ᠳᠣᠲᠣᠭᠠᠳᠤ ᠶᠢ ᠬᠠᠮᠠᠭᠠᠯᠠᠬᠤ ᠲᠡᠮᠦᠷ ᠴᠡᠷᠢᠭ ᠤᠨ ᠪᠠᠶᠢᠭᠤᠯᠤᠯᠲᠠ ᠶᠢ ᠡᠷᠡᠰ ᠭᠤᠶᠢᠪᠢᠰᠢ ᠥᠬᠡᠶ ᠭᠦᠨᠵᠡᠭᠡᠶᠢᠷᠡᠭᠦᠯᠵᠦ᠂ ᠤᠯᠤᠰ | ᠲᠥᠷᠥ ᠪᠠᠷ ᠴᠠᠭᠳᠠᠭ᠎ᠠ ᠪᠠᠶᠢᠭᠤᠯᠬᠤ ᠶᠢ ᠪᠠᠷᠢᠮᠲᠠᠯᠠᠵᠤ᠂ ᠨᠠᠮ ᠳᠤ ᠪᠠᠨ ᠦᠨᠡᠨᠴᠢ ᠰᠢᠳᠤᠷᠭᠤ ᠳᠣᠲᠣᠭᠠᠳᠤ ᠶᠢ ᠬᠠᠮᠠᠭᠠᠯᠠᠬᠤ ᠡᠩᠨᠡᠭᠡ ᠶᠢ ᠪᠠᠶᠢᠭᠤᠯᠬᠤ ᠬᠡᠷᠡᠭᠲᠡᠶ︔ | ᠵᠢᠩᠬᠢᠨᠢ ᠪᠠᠶᠢᠯᠳᠤᠭᠠᠨ ᠬᠢᠵᠦ ᠴᠡᠷᠢᠭ ᠪᠣᠯᠪᠠᠰᠤᠷᠠᠭᠤᠯᠬᠤ ᠶᠢ ᠪᠠᠷᠢᠮᠲᠠᠯᠠᠵᠤ᠂ ᠴᠠᠭᠠᠷᠠᠭᠰᠠᠨ ᠳᠣᠲᠣᠭᠠᠳᠤ ᠶᠢ ᠬᠠᠮᠠᠭᠠᠯᠠᠬᠤ ᠡᠩᠨᠡᠭᠡ ᠶᠢ ᠳᠠᠪᠲᠠᠨ ᠪᠣᠯᠪᠠᠰᠤᠷᠠᠭᠤᠯᠬᠤ | ᠬᠡᠷᠡᠭᠲᠡᠢ︔ ᠴᠢᠩᠭ᠎ᠠ ᠬᠠᠮᠢᠶᠠᠷᠬᠤ ᠶᠢ ᠪᠠᠷᠢᠮᠲᠠᠯᠠᠵᠤ᠂ ᠰᠠᠬᠢᠯᠭ᠎ᠠ ᠪᠠᠲᠤ ᠴᠢᠩᠭ᠎ᠠ ᠳᠣᠲᠣᠭᠠᠳᠤ ᠶᠢ ᠬᠠᠮᠠᠭᠠᠯᠠᠬᠤ ᠡᠩᠨᠡᠭᠡ ᠶᠢ ᠳᠠᠪᠲᠠᠨ ᠪᠣᠯᠪᠠᠰᠤᠷᠠᠭᠤᠯᠬᠤ ᠬᠡᠷᠡᠭᠲᠡᠢ︔ | ᠠᠮᠢᠵᠢᠷᠠᠯ ᠤᠨ ᠬᠦᠴᠦᠨ ᠢ ᠬᠥᠭᠵᠢᠭᠡᠬᠦ ᠶᠢ ᠪᠠᠷᠢᠮᠲᠠᠯᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠳᠣᠲᠣᠭᠠᠳᠤ ᠶᠢ ᠬᠠᠮᠠᠭᠠᠯᠠᠬᠤ ᠡᠩᠨᠡᠭᠡ ᠶᠢ | ᠳᠠᠪᠲᠠᠨ ᠪᠣᠯᠪᠠᠰᠤᠷᠠᠭᠤᠯᠵᠤ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠳᠡᠭᠡᠳᠦ ᠳᠤᠤᠷᠠᠳᠤ | ᠱᠠᠲᠤ ᠪᠠᠷ ᠢᠶᠠᠨ ᠰᠡᠳᠬᠢᠯ ᠨᠢᠭᠡᠳᠦᠨ᠂ ᠯᠠᠪᠳᠠᠭᠤᠨ ᠪᠠᠲᠤᠲᠠᠶ ᠠᠵᠢᠯᠯᠠᠵᠤ᠂ ᠰᠢᠷᠭᠠᠭᠤ ᠬᠠᠲᠠᠭᠤᠵᠢᠯᠲᠠᠶ ᠠᠵᠢᠯᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ | ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠰᠠᠶᠢᠲᠤᠷ ᠪᠢᠴᠢᠭᠯᠡᠬᠦ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ | ᠱᠠᠭᠠᠷᠳᠠᠪᠠ︕ | | | | ᠬᠤᠷᠠᠯ ᠢ ᠸᠢᠳᠢᠣ᠋ ᠬᠡᠯᠪᠡᠷᠢ ᠪᠠᠷ ᠠᠶᠢᠮᠠᠭ ᠬᠤᠲᠠ ᠶᠢᠨ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠦᠷᠲᠡᠯ᠎ᠡ ᠬᠤᠷᠠᠯᠳᠤᠭᠤᠯᠪᠠ᠃ | ᠬᠥᠬᠡᠬᠤᠲᠠ ᠳᠤ ᠪᠠᠶᠢᠭ᠎ᠠ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶᠠᠨ ᠤ ᠪᠦᠷᠢᠯᠳᠦᠬᠦᠨ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ᠂ | ᠴᠠᠭᠳᠠᠭᠠᠨ ᠤ ᠶᠠᠪᠤᠳᠠᠯ ᠤᠨ ᠲᠤᠰᠬᠠᠶ ᠲᠤᠰᠢᠶᠠᠯᠲᠠᠨ᠂ ᠴᠠᠭᠳᠠᠭᠠᠨ ᠤ ᠶᠠᠪᠤᠳᠠᠯ ᠤᠨ ᠮᠡᠷᠭᠡᠵᠢᠯ ᠤᠨ ᠶᠡᠷᠦᠩᠬᠡᠶ ᠬᠢᠨᠠᠭᠴᠢ᠂ ᠲᠢᠩᠬᠢᠮ ᠤᠨ ᠰᠢᠭᠤᠳ ᠬᠠᠷᠢᠶ᠎ᠠ ᠡᠯ᠎ᠡ | ᠰᠠᠯᠠᠭ᠎ᠠ ᠮᠥᠴᠢᠷ᠂ ᠨᠢᠭᠡᠴᠢ ᠶᠢᠨ ᠪᠠᠭ ᠤᠨ ᠪᠦᠷᠢᠯᠳᠦᠬᠦᠨ︔ ᠬᠥᠬᠡᠬᠤᠲᠠ ᠪᠣᠭᠤᠮᠲᠠ ᠶᠢᠨ ᠳᠠᠯᠳᠠᠭᠤᠷ ᠠᠷᠠᠯᠵᠢᠶᠠᠯᠠᠭᠰᠠᠳ ᠢ ᠪᠠᠷᠢᠪᠴᠢᠯᠠᠬᠤ ᠲᠣᠪᠴᠢᠶ᠎ᠠ᠂ ᠬᠥᠬᠡᠬᠤᠲᠠ | ᠲᠡᠮᠦᠷ ᠵᠠᠮ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠨᠥᠬᠦᠳ ᠭᠤᠤᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃ | ᠳᠣᠲᠣᠭᠠᠳᠤ ᠶᠢ ᠬᠠᠮᠠᠭᠠᠯᠠᠬᠤ ᠲᠢᠩᠬᠢᠮ ᠤᠨ ︽ᠵᠥᠷᠢᠴᠡᠯ ᠲᠦᠭᠰᠢᠭᠦᠷᠢ ᠶᠢ ᠠᠷᠢᠯᠭᠠᠨ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ︾ ᠲᠤᠰᠬᠠᠶ ᠠᠵᠢᠯᠯᠠᠭ᠎ᠠ ᠶᠢᠨ | ᠰᠢᠪᠠᠳᠠᠨ ᠵᠢᠯᠣᠭᠤᠳᠬᠤ ᠳᠤᠭᠤᠶᠢᠯᠠᠩ ᠤᠨ ᠳᠠᠷᠤᠭ᠎ᠠ᠂ ᠳᠤᠭᠤᠶᠢᠯᠠᠩ ᠤᠨ ᠳᠡᠳ᠋ ᠳᠠᠷᠤᠭ᠎ᠠ︔ ᠡᠯ᠎ᠡ ᠠᠶᠢᠮᠠᠭ ᠬᠤᠲᠠ᠂ ᠶᠡᠭᠡ ᠬᠢᠩᠭᠠᠨ ᠳᠠᠪᠠᠭᠠᠨ ᠤ ᠣᠢ ᠰᠢᠭᠤᠢ ᠶᠢᠨ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠲᠣᠪᠴᠢᠶ᠎ᠠ ᠶᠢᠨ ᠬᠠᠷᠢᠶ᠎ᠠ ᠰᠠᠯᠠᠭ᠎ᠠ ᠮᠥᠴᠢᠷ᠂ ᠨᠢᠭᠡᠴᠢ ᠶᠢᠨ ᠭᠤᠤᠯ | ᠬᠠᠷᠢᠭᠤᠴᠠᠯᠭᠠᠲᠠᠨ ᠨᠥᠬᠦᠳ᠂ ᠮᠠᠨᠵᠤᠤᠷ ᠪᠣᠭᠤᠮᠲᠠ ᠶᠢᠨ ᠳᠠᠯᠳᠠᠭᠤᠷ ᠠᠷᠠᠯᠵᠢᠶᠠᠯᠠᠭᠰᠠᠳ ᠢ ᠪᠠᠷᠢᠪᠴᠢᠯᠠᠬᠤ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠨᠥᠬᠦᠳ | ᠡᠯ᠎ᠡ ᠭᠠᠵᠠᠷ ᠤᠨ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃ |