ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ 2024 ᠣᠨ ᠤ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/26
      ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠨᠠᠮ ᠤᠨ ᠬᠤᠷᠢᠶ᠎ᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠬᠤ ᠲᠤᠬᠠᠶ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠭᠤᠰᠢᠯᠠᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ 2024 ᠣᠨ ᠤ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠲᠤᠬᠠᠶ ᠲᠤᠰᠢᠶᠠᠯ ᠤᠨ ᠮᠡᠳᠡᠭᠦᠯᠦᠯᠲᠡ ᠶᠢ ᠦᠨᠡᠯᠡᠨ ᠶᠠᠷᠢᠯᠴᠠᠬᠤ ᠬᠤᠷᠠᠯ ᠢ ᠲᠤᠰᠬᠠᠶ ᠰᠡᠳᠦᠪ ᠢᠶᠠᠷ ᠬᠤᠷᠠᠯᠳᠤᠭᠤᠯᠤᠭᠰᠠᠨ ᠪᠥᠭᠡᠳ ᠲᠤᠬᠠᠶ ᠶᠢᠨ ᠲᠠᠯᠠᠪᠠᠶ ᠶᠢᠨ ᠰᠢᠯᠭᠠᠨ ᠦᠨᠡᠯᠡᠯᠲᠡ ᠬᠢᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶᠠᠨ ᠤ ᠱᠦᠵᠢ᠂ ᠲᠢᠩᠬᠢᠮ ᠤᠨ ᠳᠠᠷᠤᠭ᠎ᠠ ᠵᠧᠩ ᠭᠤᠸᠠᠩ ᠵᠣᠣ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃
评议会1.jpg
      ᠬᠤᠷᠠᠯ ᠳᠡᠭᠡᠷ᠎ᠡ᠂ ᠬᠡᠰᠡᠭ ᠠᠶᠢᠮᠠᠭ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠲᠢᠩᠬᠢᠮ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠲᠤᠬᠠᠢ ᠶᠢᠨ ᠲᠠᠯᠠᠪᠠᠢ ᠳᠤ ᠲᠤᠰᠢᠶᠠᠯ ᠤᠨ ᠮᠡᠳᠡᠭᠦᠯᠦᠯᠲᠡ ᠬᠢᠵᠦ᠂ ᠪᠤᠰᠤᠳ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠪᠢᠴᠢᠭ ᠤᠨ ᠬᠡᠯᠪᠡᠷᠢ ᠪᠠᠷ ᠲᠤᠰᠢᠶᠠᠯ ᠤᠨ ᠮᠡᠳᠡᠭᠦᠯᠦᠯᠲᠡ ᠬᠢᠵᠡᠢ᠃ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶᠠᠨ ᠤ ᠳᠡᠳ᠋ ᠱᠦᠵᠢ᠂ ᠲᠢᠩᠬᠢᠮ ᠤᠨ ᠪᠠᠶᠢᠩᠭᠤ ᠶᠢᠨ ᠳᠡᠳ᠋ ᠳᠠᠷᠤᠭ᠎ᠠ ᠯᠢᠦ ᠬᠤᠩ ᠲᠤᠬᠠᠶ ᠶᠢᠨ ᠲᠠᠯᠠᠪᠠᠶ ᠶᠢᠨ ᠲᠤᠰᠢᠶᠠᠯ ᠤᠨ ᠮᠡᠳᠡᠭᠦᠯᠦᠯᠲᠡ ᠬᠢᠭᠰᠡᠨ ᠲᠥᠯᠥᠭᠡᠯᠡᠭᠴᠢᠳ ᠲᠤ ᠨᠢᠭᠡᠳ ᠨᠢᠭᠡ ᠪᠠᠷ ᠦᠨᠡᠯᠡᠯᠲᠡ ᠬᠢᠵᠦ᠂ ᠠᠮᠵᠢᠯᠲᠠ ᠪᠦᠲᠦᠮᠵᠢ ᠶᠢ ᠨᠤᠲᠠᠯᠠᠬᠤ ᠮᠥᠷᠲᠡᠭᠡᠨ ᠪᠠᠰᠠ ᠠᠰᠠᠭᠤᠳᠠᠯ ᠢ ᠵᠢᠭᠠᠨ ᠭᠠᠷᠭᠠᠵᠤ᠂ ᠱᠠᠭᠠᠷᠳᠠᠯᠭ᠎ᠠ ᠳᠤᠷᠠᠳᠴᠠᠶ᠃ ᠲᠢᠩᠬᠢᠮ ᠤᠨ ᠨᠠᠮ ᠤᠨ ᠬᠤᠷᠢᠶᠠᠨ ᠤ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠳᠣᠲᠣᠭᠠᠳᠤ ᠶᠢ ᠬᠠᠮᠠᠭᠠᠯᠠᠬᠤ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠮᠠ ᠢ᠂ ᠲᠢᠩᠬᠢᠮ ᠤᠨ ᠨᠠᠮ ᠤᠨ ᠬᠤᠷᠢᠶᠠᠨ ᠤ ᠭᠡᠰᠢᠭᠦᠨ᠂ ᠤᠯᠤᠰ ᠲᠥᠷᠥ ᠶᠢᠨ ᠬᠡᠯᠲᠡᠰ ᠤᠨ ᠡᠷᠬᠢᠯᠡᠭᠴᠢ᠂ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠱᠦᠵᠢ ᠸᠠᠩ ᠪᠢᠨ ᠲᠣᠰ ᠲᠣᠰ ᠶᠡᠷᠦᠩᠬᠡᠶᠢᠯᠡᠭᠰᠡᠨ ᠦᠨᠡᠯᠡᠯᠲᠡ ᠬᠢᠪᠠ᠃       ᠬᠤᠷᠠᠯ ᠠᠴᠠ᠂ ᠥᠩᠭᠡᠷᠡᠭᠰᠡᠨ ᠨᠢᠭᠡ ᠵᠢᠯ ᠳᠤ᠂ ᠪᠥᠬᠦ ᠣᠷᠣᠨ ᠤ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠭᠦᠨᠵᠡᠭᠡᠶ ᠠᠬᠢᠭᠤᠯᠵᠤ᠂︽ᠨᠠᠮ ᠤᠨ ᠪᠠᠶᠢᠭᠤᠯᠤᠯᠲᠠ ᠶᠢ ᠠᠳᠬᠤᠬᠤ᠂ ᠬᠡᠪ ᠪᠣᠯᠪᠠᠰᠤᠷᠠᠯ ᠢᠶᠠᠨ ᠴᠢᠩᠭᠠᠳᠬᠠᠬᠤ᠂ ᠰᠤᠷᠲᠠᠯ ᠢᠶᠠᠨ ᠴᠡᠭᠴᠡᠯᠡᠬᠦ᠂ ᠳᠦᠷᠢ ᠲᠥᠷᠬᠦ ᠶᠢ ᠪᠣᠶ ᠪᠣᠯᠭᠠᠬᠤ︾ ᠲᠤᠰᠬᠠᠶ ᠠᠵᠢᠯᠯᠠᠭ᠎ᠠ ᠶᠢ ᠥᠪᠡᠰᠦᠪᠡᠨ ᠰᠣᠩᠭᠤᠨ ᠥᠷᠨᠢᠭᠦᠯᠵᠦ᠂ ᠭᠤᠤᠯᠳᠠᠯᠭ᠎ᠠ ᠶᠢᠨ ᠲᠣᠭᠤᠷᠢᠨ ᠳᠤ ᠨᠠᠮ ᠤᠨ ᠪᠠᠶᠢᠭᠤᠯᠤᠯᠲᠠ ᠶᠢ ᠠᠳᠬᠤᠵᠤ᠂ ᠬᠥᠭᠵᠢᠯᠲᠡ ᠶᠢ ᠰᠦᠪᠡᠭᠴᠢᠯᠡᠵᠦ᠂ ᠤᠳᠤᠷᠢᠳᠬᠤ ᠪᠠᠭ ᠢᠶᠠᠨ ᠴᠢᠩᠭ᠎ᠠ ᠪᠣᠳᠠᠲᠠᠶ ᠠᠳᠬᠤᠵᠤ᠂ ᠡᠩᠨᠡᠭᠡ ᠪᠠᠨ ᠳᠠᠭᠠᠭᠤᠯᠵᠤ᠂ ᠤᠯᠤᠰ ᠲᠥᠷᠥ ᠶᠢᠨ ᠪᠠᠶᠢᠭᠤᠯᠭ᠎ᠠ ᠶᠢᠨ ᠤᠬᠠᠮᠰᠠᠷ ᠨᠠᠩ ᠪᠠᠲᠤ ᠪᠠᠬᠢ ᠪᠣᠯᠵᠣ᠂ ᠣᠨᠣᠯ ᠰᠤᠷᠤᠯᠴᠠᠬᠤ ᠠᠭᠤᠷ ᠠᠮᠢᠰᠬᠤᠯ ᠨᠠᠩ ᠥᠳᠬᠡᠨ ᠪᠣᠯᠵᠣ᠂ ᠳᠣᠲᠣᠭᠠᠳᠤ ᠶᠢ ᠬᠠᠮᠠᠭᠠᠯᠠᠬᠤ ᠡᠩᠨᠡᠭᠡ ᠶᠢᠨ ᠰᠤᠷᠲᠠᠯ ᠨᠠᠩ ᠯᠠᠪᠳᠠᠭᠤᠨ ᠪᠠᠲᠤᠲᠠᠶ ᠪᠣᠯᠵᠣ᠂ ᠡᠯ᠎ᠡ ᠵᠦᠶᠯ ᠤᠨ ᠠᠵᠢᠯ ᠡᠷᠴᠢᠮᠲᠡᠶ ᠪᠦᠲᠦᠮᠵᠢᠲᠡᠶ ᠪᠣᠯᠪᠠ ᠭᠡᠵᠦ ᠵᠢᠭᠠᠵᠤ ᠭᠠᠷᠭᠠᠪᠠ᠃       ᠬᠤᠷᠠᠯ ᠠᠴᠠ᠂ ᠪᠦᠬᠦ ᠣᠷᠣᠨ ᠤ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠳᠤᠪᠤᠶᠢᠯᠭᠠᠵᠤ᠂ ᠤᠯᠤᠰ ᠲᠦᠷᠦ ᠪᠠᠷ ᠴᠠᠭᠳᠠᠭ᠎ᠠ ᠪᠠᠶᠢᠭᠤᠯᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠨᠡᠨᠴᠢ ᠰᠢᠳᠤᠷᠭᠤ ᠴᠠᠭᠳᠠᠭᠠᠨ ᠤ ᠰᠦᠭ ᠰᠦᠨᠡᠰᠦ ᠶᠢ ᠪᠠᠲᠤ ᠴᠣᠭᠴᠠᠯᠠᠬᠤ ᠬᠡᠷᠡᠭᠲᠡᠢ︔ ᠵᠣᠬᠢᠶᠠᠨ ᠪᠠᠶᠢᠭᠤᠯᠬᠤ ᠬᠦᠴᠦᠨ᠂ ᠨᠢᠭᠲᠠᠷᠠᠭᠤᠯᠬᠤ ᠬᠦᠴᠦᠨ᠂ ᠤᠷᠢᠶᠠᠯᠠᠬᠤ ᠬᠦᠴᠦᠨ ᠢ ᠲᠤᠪᠤᠶᠢᠯᠭᠠᠨ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠲᠤ ᠴᠢᠩᠭ᠎ᠠ ᠲᠠᠶᠢᠴᠢᠨ ᠪᠠᠬᠢᠯᠡᠯᠲᠡ ᠶᠢᠨ ᠦᠢᠯᠡᠳᠦᠯ ᠢ ᠦᠷᠭᠦᠯᠵᠢᠯᠡᠨ ᠰᠠᠶᠢᠲᠤᠷ ᠪᠠᠳᠠᠷᠠᠭᠤᠯᠬᠤ ᠬᠡᠷᠡᠭᠲᠡᠢ︔ ᠪᠠᠶᠢᠩᠭᠤ ᠠᠳᠬᠤᠬᠤ᠂ ᠨᠠᠷᠢᠯᠢᠭ ᠠᠳᠬᠤᠬᠤ᠂ ᠤᠷᠳᠤ ᠬᠤᠭᠤᠴᠠᠭ᠎ᠠ ᠪᠠᠷ ᠠᠳᠬᠤᠬᠤ ᠶᠢ ᠲᠤᠪᠤᠶᠢᠯᠭᠠᠵᠤ᠂︽ᠲᠦᠷᠪᠡᠨ ᠰᠤᠷᠲᠠᠯ︾ ᠢ ᠦᠷᠭᠦᠯᠵᠢᠯᠡᠨ ᠵᠠᠯᠠᠷᠠᠭᠤᠯᠵᠤ᠂ ᠰᠤᠷᠲᠠᠯ ᠢᠶᠠᠨ ᠴᠡᠭᠴᠡᠯᠡᠵᠦ᠂ ᠰᠢᠨ᠎ᠡ ᠰᠤᠷᠲᠠᠯ ᠢ ᠪᠤᠢ ᠪᠣᠯᠭᠠᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠡᠯ ᠤᠨ ᠠᠰᠠᠭᠤᠳᠠᠯ ᠢ ᠪᠠᠶᠢᠩᠭᠤ ᠴᠡᠭᠴᠡᠯᠡᠨ ᠵᠠᠰᠠᠵᠤ᠂ ᠬᠡᠯᠪᠡᠷᠢᠴᠢ ᠦᠵᠡᠯ ᠢ ᠦᠷᠭᠦᠯᠵᠢᠯᠡᠨ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠢ᠃ ᠳᠡᠭᠡᠳᠦ ᠱᠠᠲᠤ ᠨᠢ ᠳᠤᠤᠷᠠᠳᠤ ᠱᠠᠲᠤ ᠪᠠᠨ ᠳᠠᠭᠠᠭᠤᠯᠬᠤ ᠶᠢ ᠳᠣᠪᠤᠶᠢᠯᠭᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠤᠷᠮᠠᠰᠢᠭᠤᠯᠤᠨ ᠳᠠᠭᠠᠭᠤᠯᠵᠤ᠂ ᠨᠠᠮ ᠢ ᠪᠥᠬᠦ ᠲᠠᠯ᠎ᠠ ᠪᠠᠷ ᠴᠢᠩᠭ᠎ᠠ ᠬᠠᠮᠢᠶᠠᠷᠴᠤ ᠴᠠᠭᠳᠠᠭ᠎ᠠ ᠶᠢ ᠴᠢᠩᠭ᠎ᠠ ᠵᠠᠰᠠᠬᠤ ᠬᠠᠷᠢᠭᠤᠴᠠᠯᠭ᠎ᠠ ᠶᠢ ᠴᠢᠩᠭ᠎ᠠ ᠠᠳᠬᠤᠨ ᠪᠣᠳᠠᠲᠠᠶ ᠠᠳᠬᠤᠵᠤ᠂ ᠡᠯ᠎ᠡ ᠱᠠᠲᠤᠨ ᠤ ᠤᠳᠤᠷᠢᠳᠬᠤ ᠺᠠᠳ᠋ᠷ ᠤᠨ ᠬᠠᠷᠢᠭᠤᠴᠠᠯᠭ᠎ᠠ ᠪᠠᠨ ᠮᠡᠳᠡᠬᠦ᠂ ᠡᠭᠦᠷᠭᠡ ᠪᠠᠨ ᠪᠡᠶᠡᠯᠡᠭᠦᠯᠬᠦ᠂ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃
评议会2.jpg
      ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠳᠣᠲᠣᠭᠠᠳᠤ ᠶᠢ ᠬᠠᠮᠠᠭᠠᠯᠠᠬᠤ ᠶᠠᠮᠤᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠨᠠᠮ ᠤᠨ ᠪᠠᠶᠢᠭᠤᠯᠤᠯᠲᠠ ᠶᠢ ᠠᠳᠬᠤᠵᠤ᠂ ᠪᠥᠬᠦ ᠬᠦᠴᠦᠨ ᠢᠶᠠᠷ ᠢᠶᠠᠨ ᠠᠮᠤᠷ ᠲᠦᠪᠰᠢᠨ ᠢ ᠪᠠᠲᠤᠯᠠᠵᠤ᠂ ᠪᠥᠬᠦ ᠬᠦᠴᠦᠨ ᠢᠶᠠᠷ ᠢᠶᠠᠨ ᠨᠠᠮ ᠢ ᠪᠥᠬᠦ ᠲᠠᠯ᠎ᠠ ᠪᠠᠷ ᠴᠢᠩᠭ᠎ᠠ ᠬᠠᠮᠢᠶᠠᠷᠴᠤ ᠴᠠᠭᠳᠠᠭ᠎ᠠ ᠶᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ᠂ ᠦᠨᠳᠦᠰᠦᠨ ᠱᠠᠲᠤ ᠲᠡᠶᠢᠰᠢ ᠥᠷᠭᠡᠵᠢᠬᠦ ᠶᠢ ᠠᠬᠢᠭᠤᠯᠵᠤ᠂ ᠴᠢᠨᠠᠷ ᠰᠠᠶᠢᠲᠠᠶ ᠨᠠᠮ ᠤᠨ ᠪᠠᠶᠢᠭᠤᠯᠤᠯᠲᠠ ᠪᠠᠷ ᠳᠣᠲᠣᠭᠠᠳᠤ ᠶᠢ ᠬᠠᠮᠠᠭᠠᠯᠠᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠰᠠᠶᠢᠲᠤᠷ ᠪᠢᠴᠢᠭᠯᠡᠬᠦ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃
ᠢᠷᠡᠯᠲᠡ᠄ ᠦᠪᠦᠷ ᠮᠤᠩᠭᠤᠯ ᠤᠨ ᠲᠤᠳᠤᠭᠠᠳᠦ ᠶᠢ ᠬᠠᠮᠠᠭᠠᠯᠠᠬᠤ ᠲᠢᠩᠬᠢᠮ