ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢ ᠠᠬᠢᠭᠤᠯᠬᠤ ᠠᠵᠢᠯᠯᠠᠭᠠᠨ ᠤ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2025/2/27
      ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢ ᠠᠬᠢᠭᠤᠯᠬᠤ ᠠᠵᠢᠯᠯᠠᠭᠠᠨ ᠤ ᠬᠡᠷᠡᠭᠵᠢᠭᠦᠯᠬᠦ ᠲᠥᠰᠥᠯ︾ ᠤᠨ ᠲᠤᠬᠠᠢ ᠮᠡᠳᠡᠭᠳᠡᠯ ︵ᠥᠪᠥᠷ ᠵᠠᠰᠠᠭ ᠲᠠᠷᠬᠠᠭᠠᠭᠰᠠᠨ ﹇2025﹈ 7 ᠳ᠋ᠤᠭᠠᠷ ᠲᠣᠭᠠᠲᠤ︶ ᠢ ᠳᠠᠷᠤᠮᠠᠯᠯᠠᠨ ᠶᠠᠪᠤᠭᠤᠯᠪᠠ᠃      ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯᠳᠤᠭᠠᠨ ᠵᠢᠴᠢ ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠤᠨ ᠲᠣᠭᠤᠷᠢᠨ ᠳᠤ ᠴᠢᠩᠭ᠎ᠠ ᠨᠢᠭᠲᠠᠷᠠᠵᠤ᠂ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠠᠬᠢᠭᠤᠯᠬᠤ ᠶᠢᠨ ᠲᠤᠯᠠᠳᠠ᠂ ᠥᠪᠡᠷᠲᠡᠭᠡᠨ ᠵᠠᠰᠠᠬᠤ ᠣᠷᠣᠨ ᠤ ᠪᠤᠲᠠᠲᠠᠢ ᠲᠠᠢ ᠤᠶᠠᠯᠳᠤᠭᠤᠯᠤᠨ ᠲᠣᠰ ᠲᠥᠰᠥᠯ ᠢ ᠲᠣᠭᠲᠠᠭᠠᠪᠠ᠃ 
ᠢᠷᠡᠯᠲᠡ᠄ ᠥᠪᠥᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ