ᠬᠠᠤᠯᠢ ᠬᠡᠷᠡᠭᠵᠢᠭᠦᠯᠬᠦ ᠭᠤᠤᠯ ᠴᠣᠭᠴᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ | ᠳᠣᠲᠣᠭᠠᠳᠤ ᠶᠢ ᠬᠠᠮᠠᠭᠠᠯᠠᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠳᠤ ᠰᠠᠭᠤᠷᠢᠯᠠᠨ᠂ ᠪᠥᠬᠦ ᠴᠠᠭᠳᠠᠭ᠎ᠠ ᠶᠢᠨ ᠬᠠᠤᠯᠢ ᠪᠠᠷ ᠵᠠᠰᠠᠬᠤ ᠬᠡᠪ ᠪᠣᠯᠪᠠᠰᠤᠷᠠᠯ ᠤᠨ | ᠰᠢᠰᠲ᠋ᠧᠮᠲᠦ ᠴᠢᠨᠠᠷᠲᠠᠶ ᠳᠡᠭᠡᠭᠰᠢᠯᠡᠯᠲᠡ ᠶᠢ ᠠᠬᠢᠭᠤᠯᠬᠤ ᠶᠢᠨ ᠲᠥᠯᠥᠭᠡ᠂ 2 ᠰᠠᠷ᠎ᠠ ᠶᠢᠨ 25 ᠤ ᠡᠳᠦᠷ᠂ ᠠᠤᠬᠠᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ︽ᠬᠠᠤᠯᠢ ᠪᠠᠷ ᠵᠠᠰᠠᠬᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠲᠠ ᠶᠢ ᠭᠦᠨᠵᠡᠭᠡᠶᠢᠷᠡᠭᠦᠯᠵᠦ ᠬᠠᠤᠯᠢ ᠬᠡᠷᠡᠭᠵᠢᠭᠦᠯᠬᠦ ᠲᠤᠰᠬᠠᠶ ᠬᠤᠰᠢᠭᠤᠴᠢ ᠶᠢ | ᠳᠠᠪᠲᠠᠨ ᠪᠣᠯᠪᠠᠰᠤᠷᠠᠭᠤᠯᠬᠤ︾ ᠰᠡᠳᠦᠪ ᠢᠶᠠᠷ ᠪᠥᠬᠦ ᠤᠯᠤᠰ ᠤᠨ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠶᠢ ᠥᠩᠭᠡᠷᠡᠭᠡᠭᠰᠡᠨ | ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠶᠠᠷᠢᠯᠴᠠᠬᠤ ᠬᠤᠷᠠᠯ ᠢ ᠬᠤᠷᠠᠯᠳᠤᠭᠤᠯᠪᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ | ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠪᠢ ᠵᠢᠶᠠᠨ ᠮᠢᠨ ᠶᠠᠷᠢᠯᠴᠠᠬᠤ ᠬᠤᠷᠠᠯ ᠳᠤ | ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ ᠲᠣᠪᠴᠢᠶᠠᠨ ᠤ ᠨᠠᠮ ᠤᠨ ᠬᠤᠷᠢᠶᠠᠨ ᠤ ᠭᠡᠰᠢᠭᠦᠨ᠂ ᠪᠠᠶᠢᠩᠭᠤ ᠶᠢᠨ ᠳᠡᠳ᠋ ᠲᠣᠪᠴᠢᠶᠠᠨ ᠳᠠᠷᠤᠭ᠎ᠠ ᠭᠤᠤ ᠢᠦᠶ | ᠰᠢᠶᠠᠩ ᠬᠤᠷᠠᠯ ᠢ ᠡᠷᠭᠢᠯᠡᠵᠦ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠶᠢᠨ ᠭᠡᠰᠢᠭᠦᠨ ᠵᠠᠩ ᠵᠢᠶ | ᠼᠦᠩ ᠵᠢᠴᠢ ᠬᠠᠤᠯᠢ ᠶᠢᠨ ᠰᠢᠯᠭᠠᠯᠲᠠ ᠶᠢ ᠥᠩᠭᠡᠷᠡᠭᠡᠭᠰᠡᠨ 17 ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠠᠷᠢᠯᠴᠠᠬᠤ ᠬᠤᠷᠠᠯ ᠳᠤ ᠣᠷᠣᠯᠴᠠᠪᠠ᠃ | | | | ᠬᠤᠷᠠᠯ ᠠᠴᠠ ᠡᠩ ᠲᠡᠷᠢᠭᠦᠨ ᠳᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠬᠠᠤᠯᠢ ᠶᠢᠨ | ᠰᠢᠯᠭᠠᠯᠲᠠ ᠶᠢ ᠥᠩᠭᠡᠷᠡᠭᠡᠭᠰᠡᠨ ᠦᠨᠳᠦᠰᠦᠨ ᠪᠠᠶᠢᠳᠠᠯ ᠢ ᠲᠠᠨᠢᠯᠴᠠᠭᠤᠯᠵᠤ᠂ ᠬᠠᠤᠯᠢ ᠶᠢᠨ ᠰᠢᠯᠭᠠᠯᠲᠠ ᠶᠢ ᠥᠩᠭᠡᠷᠡᠭᠡᠭᠰᠡᠨ ᠠᠷᠠᠳ ᠤᠨ ᠴᠠᠭᠳᠠᠭ᠎ᠠ ᠬᠠᠪᠰᠤᠷᠤᠭᠴᠢ | ᠴᠠᠭᠳᠠᠭ᠎ᠠ ᠳᠤ ᠪᠠᠶᠠᠷ ᠬᠦᠷᠭᠡᠵᠦ᠂ ᠳᠠᠷᠠᠭ᠎ᠠ ᠨᠢ ᠲᠡᠳᠡᠨ ᠳᠤ ᠦᠨᠡᠮᠯᠡᠯ ᠪᠠ ᠳᠤᠷᠠᠰᠬᠠᠯ ᠤᠨ ᠪᠣᠳᠠᠰ ᠣᠯᠭᠤᠪᠠ᠃ | ᠬᠤᠷᠠᠯ ᠠᠴᠠ᠂ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠪᠣᠯ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠯᠭᠠᠮ ᠬᠡᠷᠡᠭᠴᠡᠭᠡ ᠮᠥᠨ᠃ᠬᠠᠤᠯᠢ ᠶᠢᠨ | ᠰᠢᠯᠭᠠᠯᠲᠠ ᠶᠢ ᠥᠩᠭᠡᠷᠡᠭᠡᠭᠰᠡᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠲᠦᠷᠦᠭᠦᠯᠡᠨ ᠬᠠᠤᠯᠢ ᠪᠠᠷ ᠵᠠᠰᠠᠬᠤ ᠰᠡᠳᠬᠢᠬᠦᠶ ᠶᠢ ᠪᠠᠷᠢᠮᠲᠠᠯᠠᠵᠤ᠂ ᠬᠠᠤᠯᠢ ᠶᠢ | ᠴᠢᠩᠭ᠎ᠠ ᠵᠢᠷᠤᠮᠵᠢᠭᠤᠯᠵᠤ᠂ ᠵᠢᠷᠤᠮ ᠤᠨ ᠤᠬᠠᠮᠰᠠᠷ᠂ ᠭᠡᠷᠡᠴᠢ ᠪᠠᠷᠢᠮᠲᠠ ᠶᠢᠨ ᠤᠬᠠᠮᠰᠠᠷ ᠪᠠ ᠬᠠᠤᠯᠢ ᠴᠠᠭᠠᠵᠠ ᠶᠢᠨ ᠬᠡᠷᠡᠭᠯᠡᠯᠲᠡ ᠶᠢ ᠴᠢᠬᠤᠯᠠᠴᠢᠯᠠᠬᠤ ᠬᠡᠷᠡᠭᠲᠡᠶ᠃ | ᠲᠦᠷᠦᠭᠦᠯᠡᠨ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ | ᠴᠢᠳᠠᠪᠤᠷᠢ ᠶᠢ ᠳᠡᠭᠡᠭᠰᠢᠯᠡᠭᠦᠯᠵᠦ᠂ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠲᠤᠰ ᠪᠡᠶ᠎ᠡ ᠶᠢᠨ ᠬᠠᠤᠯᠢ ᠴᠠᠭᠠᠵᠠ ᠶᠢᠨ ᠬᠡᠪ ᠪᠣᠯᠪᠠᠰᠤᠷᠠᠯ ᠢ | ᠢᠳᠡᠪᠬᠢᠲᠡᠢ ᠪᠠᠳᠠᠷᠠᠭᠤᠯᠬᠤ ᠬᠡᠷᠡᠭᠲᠡᠢ᠃ ᠪᠣᠳᠠᠲᠤ ᠠᠵᠢᠯᠯᠠᠭ᠎ᠠ ᠪᠠᠷ ᠢᠶᠠᠨ ᠬᠠᠤᠯᠢ ᠬᠡᠷᠡᠭᠵᠢᠭᠦᠯᠬᠦ ᠠᠵᠢᠯ ᠤᠨ ᠡᠮᠬᠢ ᠵᠢᠷᠤᠮ ᠲᠠᠢ᠂ ᠵᠢᠷᠤᠮᠵᠢᠯ ᠲᠠᠢ ᠠᠬᠢᠬᠤ ᠶᠢ | ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠲᠣᠪᠴᠢᠶᠠᠨ ᠤ ᠨᠠᠮ ᠤᠨ ᠬᠤᠷᠢᠶ᠎ᠠ ᠪᠣᠳᠠᠲᠠᠶ ᠠᠷᠭ᠎ᠠ ᠬᠡᠮᠵᠢᠶ᠎ᠡ ᠪᠠᠷ ᠪᠥᠬᠦ ᠴᠠᠭᠳᠠᠭ᠎ᠠ ᠶᠢᠨ ᠬᠠᠤᠯᠢ ᠴᠠᠭᠠᠵᠠ ᠶᠢ ᠰᠤᠷᠤᠯᠴᠠᠬᠤ᠂ ᠬᠠᠤᠯᠢ | ᠴᠠᠭᠠᠵᠠ ᠶᠢ ᠬᠡᠷᠡᠭᠯᠡᠬᠦ ᠶᠢ ᠵᠣᠷᠢᠭᠵᠢᠭᠤᠯᠵᠤ᠂ ᠥᠷᠭᠡᠨ ᠣᠯᠠᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠡᠷᠬᠢᠮ ᠨᠠᠨᠳᠢᠨ ᠴᠠᠭ᠂ ᠣᠶᠤᠨ | ᠴᠢᠳᠠᠯ ᠢᠶᠠᠨ ᠰᠤᠷᠤᠯᠴᠠᠯᠭ᠎ᠠ ᠳᠡᠭᠡᠷ᠎ᠡ ᠬᠡᠷᠡᠭᠯᠡᠬᠦ ᠶᠢ ᠰᠠᠨᠠᠭᠠᠴᠢᠯᠠᠵᠤ᠂ ᠪᠥᠬᠦ ᠴᠠᠭᠳᠠᠭ᠎ᠠ ᠶᠢ ᠳᠠᠶᠢᠴᠢᠯᠠᠨ ᠰᠢᠷᠭᠠᠭᠤ ᠰᠤᠷᠤᠯᠴᠠᠵᠤ ᠴᠢᠳᠠᠪᠤᠷᠢ ᠪᠠᠨ ᠳᠡᠭᠡᠭᠰᠢᠯᠡᠭᠦᠯᠬᠦ | ᠠᠭᠤᠷ ᠠᠮᠢᠰᠬᠤᠯ᠂ ᠬᠡᠪ ᠰᠤᠷᠲᠠᠯ ᠢ ᠪᠣᠶ ᠪᠣᠯᠭᠠᠬᠤ ᠬᠡᠷᠡᠭᠲᠡᠶ᠃ ᠬᠠᠤᠯᠢ ᠶᠢᠨ ᠰᠢᠯᠭᠠᠯᠲᠠ ᠪᠠᠷ ᠳᠡᠮᠵᠢᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢ | ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠬᠤᠰᠢᠭᠤᠴᠢ ᠪᠣᠯᠭᠠᠵᠤ᠂ ᠠᠤᠬᠠᠨ ᠤ ᠳᠣᠲᠣᠭᠠᠳᠤ ᠶᠢ ᠬᠠᠮᠠᠭᠠᠯᠠᠬᠤ ᠬᠠᠤᠯᠢ ᠪᠠᠷ ᠵᠠᠰᠠᠬᠤ ᠪᠠᠶᠢᠭᠤᠯᠤᠯᠲᠠ ᠶᠢ | ᠲᠤᠯᠭᠠᠭᠤᠷᠢᠯᠠᠬᠤ ᠨᠢᠷᠤᠭᠤ ᠲᠤᠯᠭᠠᠭᠤᠷᠢ ᠪᠠ ᠲᠤᠯᠭᠠᠭᠤᠷᠢ ᠬᠦᠴᠦᠨ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃ | | | | ᠶᠠᠷᠢᠯᠴᠠᠬᠤ ᠬᠤᠷᠠᠯ ᠳᠡᠭᠡᠷ᠎ᠡ᠂ ᠬᠠᠤᠯᠢ ᠶᠢᠨ ᠰᠢᠯᠭᠠᠯᠲᠠ ᠶᠢ ᠥᠩᠭᠡᠷᠡᠭᠡᠭᠰᠡᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠲᠠᠰ ᠳᠠᠷᠠᠭᠠᠯᠠᠨ ᠦᠭᠡ | ᠬᠡᠯᠡᠪᠡ᠃ ᠤᠯᠤᠰ ᠤᠨ ᠨᠢᠭᠡᠳᠦᠯᠲᠡᠶ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠳᠤ ᠣᠷᠣᠯᠴᠠᠭᠰᠠᠨ ᠥᠩᠭᠡᠷᠡᠯᠲᠡ᠂ ᠰᠢᠯᠭᠠᠯᠲᠠ ᠶᠢᠨ | ᠤᠷ᠎ᠠ ᠮᠡᠷᠭᠡᠵᠢᠯ ᠪᠠ ᠰᠤᠷᠤᠯᠴᠠᠭᠰᠠᠨ ᠣᠯᠤᠯᠲᠠ ᠲᠥᠷᠥᠭᠳᠡᠯ ᠢᠶᠠᠨ ᠬᠤᠪᠢᠶᠠᠯᠴᠠᠵᠤ᠂ ᠲᠣᠰ ᠪᠡᠶ᠎ᠡ ᠶᠢᠨ ᠠᠵᠢᠯ ᠤᠨ ᠪᠠᠶᠢᠷᠢ ᠲᠠᠢ ᠪᠠᠨ ᠤᠶᠠᠯᠳᠤᠭᠤᠯᠤᠨ ᠬᠠᠤᠯᠢ ᠶᠢ | ᠵᠢᠷᠤᠮᠵᠢᠭᠤᠨ ᠬᠡᠷᠡᠭᠵᠢᠭᠦᠯᠬᠦ ᠲᠤᠬᠠᠶ ᠴᠢᠯᠦᠭᠡᠲᠡᠢ ᠶᠠᠷᠢᠯᠴᠠᠬᠤ ᠶᠢᠨ ᠬᠠᠮᠲᠤ ᠬᠤᠯᠪᠣᠭᠳᠠᠯ ᠪᠥᠬᠦᠶ ᠰᠠᠨᠠᠯ ᠰᠠᠨᠠᠭᠤᠯᠭ᠎ᠠ ᠳᠤᠷᠠᠳᠪᠠ᠃ | ᠠᠤᠬᠠᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠬᠠᠤᠯᠢ ᠴᠠᠭᠠᠵᠠ ᠶᠢᠨ ᠠᠵᠢᠯ | ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠳᠤ ᠢᠳᠡᠪᠬᠢᠲᠡᠶ ᠣᠷᠣᠯᠴᠠᠬᠤ ᠶᠢ ᠦᠷᠭᠦᠯᠵᠢᠯᠡᠨ ᠵᠣᠷᠢᠭᠵᠢᠭᠤᠯᠵᠤ᠂ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ | ᠪᠠᠶᠢᠭᠤᠯᠤᠯᠲᠠ ᠶᠢᠨ ᠠᠵᠢᠯ ᠳᠤ ᠬᠦᠴᠦᠷᠬᠡᠭ ᠶᠡᠭᠡ ᠬᠠᠤᠯᠢ ᠴᠠᠭᠠᠵᠠ ᠶᠢᠨ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠵᠤ᠂ ᠬᠠᠤᠯᠢ ᠬᠡᠷᠡᠭᠵᠢᠭᠦᠯᠬᠦ ᠡᠩᠨᠡᠭᠡᠨ ᠤ | ᠲᠤᠰᠬᠠᠶᠢᠵᠢᠭᠰᠠᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠵᠦ᠂ ᠠᠤᠬᠠᠨ ᠤ ᠳᠣᠲᠣᠭᠠᠳᠤ ᠶᠢ ᠬᠠᠮᠠᠭᠠᠯᠠᠬᠤ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ | ᠪᠠᠶᠢᠭᠤᠯᠤᠯᠲᠠ ᠶᠢᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ᠃ | |