ᠴᠠᠭᠠᠨ ᠰᠠᠷ᠎ᠠ ᠶᠢᠨ ᠬᠤᠭᠤᠴᠠᠭᠠᠨ ᠳᠤ᠂ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠣᠲᠣᠭᠠᠳᠤ ᠶᠢ ᠬᠠᠮᠠᠭᠠᠯᠠᠬᠤ ᠶᠠᠮᠤᠨ ᠤ ᠨᠠᠮ ᠤᠨ | ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ︽ᠤᠯᠠᠨ ᠲᠦᠮᠡᠨ ᠪᠠᠶᠠᠷ ᠪᠠᠶᠠᠰᠤᠯ ᠲᠠᠢ᠂ ᠴᠠᠭᠳᠠᠭ᠎ᠠ ᠬᠠᠷᠠᠭᠤᠯ ᠵᠣᠭᠰᠣᠬᠤ︾ ᠰᠢᠯᠢᠳᠡᠭ ᠤᠯᠠᠮᠵᠢᠯᠠᠯ ᠢ ᠭᠦᠢᠴᠡᠳ ᠪᠠᠳᠠᠷᠠᠭᠤᠯᠵᠤ᠂ | ᠴᠠᠭᠠᠨ ᠰᠠᠷ᠎ᠠ ᠶᠢᠨ ᠠᠮᠤᠷ ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠪᠣᠳᠠᠲᠠᠢ ᠨᠠᠷᠢᠯᠢᠭ ᠨᠠᠶᠢᠳᠠᠪᠤᠷᠢᠵᠢᠭᠤᠯᠵᠤ᠂ ᠴᠠᠭᠠᠨ | ᠰᠠᠷ᠎ᠠ ᠶᠢᠨ ᠵᠥᠭᠡᠭᠡᠪᠦᠷᠢ ᠶᠢᠨ ᠵᠠᠮ ᠬᠠᠷᠢᠯᠴᠠᠭᠠᠨ ᠤ ᠪᠠᠲᠤᠯᠠᠭ᠎ᠠ᠂ ᠨᠡᠶᠢᠭᠡᠮ ᠤᠨ ᠵᠥᠷᠢᠴᠡᠯ ᠢ ᠨᠠᠮᠳᠠᠭᠤᠯᠬᠤ᠂ ᠬᠤᠸᠠᠷ ᠫᠤᠤᠵᠢᠩ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ᠂ ᠲᠤᠮᠤ ᠬᠡᠯᠪᠡᠷᠢ ᠶᠢᠨ ᠠᠵᠢᠯᠯᠠᠭ᠎ᠠ ᠶᠢᠨ ᠡᠮᠬᠢ ᠳᠢᠭᠯᠢᠮ ᠢ ᠬᠠᠮᠠᠭᠠᠯᠠᠬᠤ᠂ ᠨᠡᠶᠢᠭᠡᠮ ᠤᠨ ᠲᠠᠯ᠎ᠠ ᠶᠢᠨ ᠪᠦᠬᠦ ᠲᠠᠯ᠎ᠠ ᠪᠠᠷ ᠰᠡᠷᠭᠡᠶᠢᠯᠡᠨ ᠡᠵᠡᠮᠳᠡᠬᠦ ᠵᠡᠷᠭᠡ | ᠠᠵᠢᠯ ᠢ ᠪᠦᠬᠦ ᠬᠦᠴᠦᠨ ᠢᠶᠠᠷ ᠥᠷᠨᠢᠭᠦᠯᠵᠦ᠂ ᠠᠷᠠᠳ ᠤᠯᠠᠨ ᠳᠤ ᠴᠠᠭᠠᠨ ᠰᠠᠷ᠎ᠠ ᠶᠢ ᠪᠠᠶᠠᠷ ᠬᠦᠷ ᠲᠠᠢ ᠥᠩᠭᠡᠷᠡᠭᠦᠯᠬᠦ ᠳᠤ ᠠᠮᠤᠷ ᠠᠮᠤᠭᠤᠯᠠᠩ ᠡᠶ᠎ᠡ ᠵᠣᠬᠢᠴᠠᠩᠭᠤᠢ | ᠨᠡᠶᠢᠭᠡᠮ ᠤᠨ ᠠᠮᠤᠷ ᠲᠦᠪᠰᠢᠨ ᠤ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠵᠤ ᠥᠭᠪᠡ᠃ 1 ᠳ᠋ᠦ᠋ᠭᠡᠷ ᠰᠠᠷ᠎ᠠ ᠶᠢᠨ 28 ᠤ ᠡᠳᠦᠷ ᠤᠨ 0 ᠴᠠᠭ ᠠᠴᠠ 2 | ᠳ᠋ᠤᠭᠠᠷ ᠰᠠᠷ᠎ᠠ ᠶᠢᠨ 4 ᠤ ᠡᠳᠦᠷ ᠤᠨ 12 ᠴᠠᠭ ᠪᠣᠯᠲᠠᠯ᠎ᠠ᠂ ᠪᠥᠬᠦ ᠣᠷᠣᠨ ᠳᠤ ᠨᠡᠶᠢᠲᠡ 34560 ᠬᠡᠷᠡᠭ ᠤᠨ ᠮᠡᠳᠡᠭᠦᠯᠦᠯᠲᠡ ᠶᠢ ᠭᠥᠯᠢᠶᠡᠨ ᠠᠪᠴᠤ᠂ | ᠨᠡᠶᠢᠭᠡᠮ ᠤᠨ ᠶᠡᠷᠥᠩᠬᠡᠢ ᠪᠠᠶᠢᠳᠠᠯ ᠲᠣᠭᠲᠠᠭᠤᠨ᠂ ᠠᠮᠤᠷ ᠲᠦᠪᠰᠢᠨ ᠤ ᠡᠮᠬᠢ ᠳᠢᠭᠯᠢᠮ ᠰᠠᠶᠢᠨ᠂ ᠰᠦᠯᠵᠢᠶᠡᠨ ᠳᠡᠭᠡᠷᠡᠬᠢ ᠶᠠᠷᠢᠶ᠎ᠠ ᠬᠡᠯᠡᠯᠴᠡᠭᠡᠨ ᠤ ᠪᠠᠶᠢᠳᠠᠯ | ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠲᠣᠮᠣ ᠬᠡᠯᠪᠡᠷᠢ ᠶᠢᠨ ᠬᠤᠸᠠᠷ ᠫᠤᠤᠵᠢᠩ ᠪᠠ ᠴᠠᠭᠠᠨ ᠰᠠᠷ᠎ᠠ ᠶᠢᠨ ᠭᠤᠤᠯ ᠰᠡᠳᠦᠪᠲᠦ ᠰᠣᠶᠣᠯ ᠤᠨ ᠰᠢᠷᠢᠰ ᠠᠵᠢᠯᠯᠠᠭ᠎ᠠ | ᠠᠮᠤᠷ ᠲᠦᠪᠰᠢᠨ ᠪᠥᠭᠡᠳ ᠤᠷᠤᠭᠰᠢᠲᠠᠶ ᠶᠠᠪᠤᠭᠳᠠᠵᠤ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠡᠮᠬᠢ ᠳᠢᠭᠯᠢᠮ ᠰᠠᠶᠢᠨ ᠪᠠᠶᠢᠵᠤ᠂ ᠪᠥᠬᠦ ᠣᠷᠣᠨ ᠳᠤ ᠳᠡᠭᠡᠲᠦ | ᠬᠤᠷᠳᠤ ᠶᠢᠨ ᠵᠠᠰᠠᠮᠠᠯ ᠵᠠᠮ ᠪᠠ ᠭᠤᠤᠯ ᠪᠣᠯᠬᠤ ᠤᠯᠤᠰ ᠮᠤᠵᠢ ᠶᠢᠨ ᠳᠡᠰ ᠤᠨ ᠭᠤᠤᠯ ᠵᠠᠮ ᠤᠨ ᠬᠡᠰᠡᠭ ᠲᠤ ᠶᠡᠭᠡ ᠬᠡᠪᠴᠢᠶᠡᠨ ᠤ ᠵᠠᠮ ᠬᠠᠷᠢᠯᠴᠠᠭᠠᠨ ᠤ ᠲᠦᠭᠵᠢᠷᠡᠯ | ᠡᠭᠦᠰᠦᠭᠰᠡᠨ ᠥᠬᠡᠶ᠂ ᠨᠡᠯᠢᠶᠡᠳ ᠶᠡᠭᠡ ᠵᠠᠮ ᠬᠠᠷᠢᠯᠴᠠᠭᠠᠨ ᠤ ᠠᠳᠡᠯ ᠭᠠᠷᠤᠭᠰᠠᠨ ᠥᠬᠡᠶ᠃ | | | | ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠤ | ᠠᠮᠤᠷ ᠢ ᠬᠠᠮᠠᠭᠠᠯᠠᠬᠤ ᠲᠣᠭᠲᠠᠭᠤᠨ ᠢ ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠯᠠᠨ ᠤᠳᠠᠭ᠎ᠠ ᠲᠤᠰᠬᠠᠶ ᠰᠡᠳᠦᠪᠲᠦ ᠬᠤᠷᠠᠯ | ᠬᠤᠷᠠᠯᠳᠤᠭᠤᠯᠵᠤ ᠴᠠᠭᠠᠨ ᠰᠠᠷ᠎ᠠ ᠶᠢᠨ ᠬᠤᠭᠤᠴᠠᠭᠠᠨ ᠤ ᠠᠮᠤᠷ ᠢ ᠬᠠᠮᠠᠭᠠᠯᠠᠬᠤ ᠲᠣᠭᠲᠠᠭᠤᠨ ᠢ ᠬᠠᠮᠠᠭᠠᠯᠠᠬᠤ ᠠᠵᠢᠯ ᠢ ᠰᠤᠳᠤᠯᠵᠤ᠂ ᠪᠥᠬᠦ ᠣᠷᠣᠨ ᠤ ᠨᠡᠶᠢᠭᠡᠮ ᠤᠨ | ᠶᠡᠷᠥᠩᠬᠡᠢ ᠪᠠᠶᠢᠳᠠᠯ ᠢ ᠴᠠᠭ ᠲᠤᠬᠠᠶ ᠳᠤ ᠨᠢ ᠲᠣᠬᠢᠷᠠᠭᠤᠯᠤᠨ ᠡᠵᠡᠮᠰᠢᠬᠦ ᠶᠢᠨ ᠬᠠᠮᠲᠤ ᠭᠡᠨᠡᠳᠲᠡ ᠶᠢᠨ ᠬᠡᠷᠡᠭ ᠢ ᠵᠢᠯᠣᠭᠤᠳᠤᠨ ᠰᠢᠢᠳᠪᠦᠷᠢᠯᠡᠪᠡ᠃ ᠡᠯ᠎ᠡ ᠱᠠᠲᠤᠨ ᠤ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠥᠷᠭᠡᠨ ᠣᠯᠠᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠡᠭᠦᠷᠭᠡ | ᠬᠠᠷᠢᠭᠤᠴᠠᠯᠭ᠎ᠠ ᠪᠠᠨ ᠬᠢᠴᠢᠶᠡᠩᠭᠦ᠋ᠢᠯᠡᠨ ᠭᠦᠢᠴᠡᠳᠬᠡᠵᠦ᠂ ᠦᠨᠡᠨᠴᠢ ᠰᠢᠳᠤᠷᠭᠤ ᠪᠠᠷ ᠬᠤᠪᠢ ᠨᠡᠮᠡᠷᠢ ᠦᠵᠡᠭᠦᠯᠵᠦ᠂ ᠠᠮᠤᠷ ᠢ ᠬᠠᠮᠠᠭᠠᠯᠠᠬᠤ ᠲᠣᠭᠲᠠᠭᠤᠨ ᠢ | ᠬᠠᠮᠠᠭᠠᠯᠠᠬᠤ ᠡᠮᠦᠨ᠎ᠡ ᠹᠷᠣᠨᠲ ᠲᠤ ᠦᠷᠭᠦᠯᠵᠢᠯᠡᠨ ᠲᠡᠮᠡᠴᠡᠵᠦ᠂ ᠡᠯ᠎ᠡ ᠵᠦᠢᠯ ᠤᠨ ᠠᠵᠢᠯ ᠢ ᠨᠠᠷᠢᠯᠢᠭ ᠪᠣᠳᠠᠲᠠᠶ ᠨᠠᠶᠢᠳᠠᠪᠤᠷᠢᠵᠢᠭᠤᠯᠵᠤ᠂ ᠥᠴᠦᠬᠡᠨ ᠴᠦ ᠠᠯᠳᠠᠰᠢ | ᠭᠠᠷᠭᠠᠬᠤ ᠥᠬᠡᠶ ᠪᠠᠶᠢᠬᠤ ᠶᠢ ᠦᠨᠡᠨ ᠬᠦ ᠪᠠᠲᠤᠯᠠᠪᠠ᠃ | | | | ᠴᠠᠭᠠᠨ ᠰᠠᠷ᠎ᠠ ᠶᠢᠨ ᠬᠤᠭᠤᠴᠠᠭᠠᠨ ᠳᠤ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠰᠡᠷᠭᠡᠶᠢᠯᠡᠨ ᠬᠤᠷᠢᠭᠯᠠᠬᠤ ᠡᠯ᠎ᠡ ᠵᠦᠢᠯ ᠤᠨ ᠠᠷᠭ᠎ᠠ | ᠬᠡᠮᠵᠢᠶ᠎ᠡ ᠶᠢ ᠣᠨᠣᠪᠴᠢᠲᠠᠶ ᠬᠡᠷᠡᠭᠵᠢᠭᠦᠯᠵᠦ᠂ 1 ᠳ᠋ᠦ᠋ᠭᠡᠷ ᠰᠠᠷ᠎ᠠ ᠶᠢᠨ 26 ᠤ ᠡᠳᠦᠷ ᠠᠴᠠ 27 ᠤ ᠡᠳᠦᠷ ᠪᠣᠯᠲᠠᠯ᠎ᠠ ᠠᠮᠤᠷ ᠢ ᠬᠠᠮᠠᠭᠠᠯᠠᠬᠤ ᠪᠤᠳᠤᠯᠢᠶᠠᠨᠲᠠᠶ ᠣᠷᠣᠨ | ᠪᠦᠰᠡ ᠶᠢ ᠲᠥᠪᠯᠡᠷᠡᠭᠦᠯᠦᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ 1 ᠳ᠋ᠦ᠋ᠭᠡᠷ ᠰᠠᠷ᠎ᠠ ᠶᠢᠨ 28 ᠠᠴᠠ 29 ᠤ ᠡᠳᠦᠷ ᠪᠣᠯᠲᠠᠯ᠎ᠠ᠂ ᠪᠥᠬᠦ | ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠡᠳᠦᠷ ᠪᠦᠷᠢ 3.5 ᠲᠦᠮᠡᠨ ᠬᠥᠮᠦᠨ ᠤᠳᠠᠭ᠎ᠠ ᠴᠠᠭᠳᠠᠭᠠᠨ ᠤ ᠬᠦᠴᠦᠨ ᠵᠠᠷᠤᠴᠠᠭᠤᠯᠵᠤ᠂ ᠵᠢᠵᠢᠭᠦᠷᠯᠡᠵᠦ | ᠠᠵᠢᠯ ᠳᠤ ᠪᠡᠯᠡᠳᠬᠡᠬᠦ᠂ ᠨᠡᠶᠢᠭᠡᠮ ᠤᠨ ᠲᠠᠯ᠎ᠠ ᠪᠠᠷ ᠴᠠᠭᠳᠠᠨ ᠰᠡᠷᠭᠡᠶᠢᠯᠡᠬᠦ᠂ ᠣᠷᠣᠨ ᠪᠦᠰᠡ ᠶᠢᠨ ᠴᠠᠭᠳᠠᠭᠠᠨ ᠤ ᠶᠠᠪᠤᠳᠠᠯ ᠤᠨ ᠬᠠᠮᠲᠤᠷᠠᠯᠴᠠᠭ᠎ᠠ ᠪᠠ ᠳᠣᠲᠣᠭᠠᠳᠤ ᠶᠢ | ᠬᠠᠮᠠᠭᠠᠯᠠᠬᠤ ᠪᠠᠶᠢᠴᠠᠭᠠᠬᠤ ᠥᠷᠲᠡᠭᠡ᠂ ᠠᠮᠤᠷ ᠢ ᠬᠠᠮᠠᠭᠠᠯᠠᠬᠤ ᠬᠤᠷᠢᠭ᠎ᠠ᠂ ᠬᠢᠯᠢ ᠶᠢᠨ ᠪᠠᠶᠢᠴᠠᠭᠠᠬᠤ ᠥᠷᠲᠡᠭᠡ ᠶᠢᠨ ᠨᠡᠪᠲᠡᠷᠡᠬᠦ ᠵᠠᠮ ᠢ ᠪᠠᠶᠢᠴᠠᠭᠠᠨ ᠡᠵᠡᠮᠳᠡᠬᠦ ᠵᠡᠷᠭᠡ | ᠭᠤᠤᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠶ ᠥᠷᠨᠢᠭᠦᠯᠪᠡ᠃ 1 ᠳ᠋ᠦ᠋ᠭᠡᠷ ᠰᠠᠷ᠎ᠠ ᠶᠢᠨ 30 ᠠᠴᠠ 2 ᠳ᠋ᠤᠭᠠᠷ ᠰᠠᠷ᠎ᠠ ᠶᠢᠨ 4 ᠤ ᠡᠳᠦᠷ ᠪᠣᠯᠲᠠᠯ᠎ᠠ᠂ ᠡᠯ᠎ᠡ | ᠠᠶᠢᠮᠠᠭ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠲᠣᠰ ᠭᠠᠵᠠᠷ ᠤᠨ ᠢᠶᠠᠨ ᠤᠯᠤᠰ ᠲᠥᠷᠥ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠤ | ᠪᠠᠶᠢᠳᠠᠯ ᠳᠤ ᠰᠠᠭᠤᠷᠢᠯᠠᠨ᠂ ᠵᠡᠷᠭᠡ ᠳᠡᠰ ᠤᠨ ᠦᠢᠯᠡᠴᠢᠯᠡᠭᠡ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ᠦᠢᠯᠡᠴᠢᠯᠡᠭᠡᠨ ᠤ ᠠᠷᠭ᠎ᠠ ᠬᠡᠮᠵᠢᠶ᠎ᠡ ᠪᠠ | ᠴᠠᠭᠳᠠᠭᠠᠨ ᠤ ᠬᠦᠴᠦᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠬᠠᠮᠤᠭ ᠤᠨ ᠶᠡᠭᠡ ᠬᠡᠮᠵᠢᠶ᠎ᠡ ᠪᠠᠷ ᠰᠢᠨᠵᠢᠯᠡᠬᠦ ᠤᠬᠠᠭᠠᠨᠴᠢ ᠪᠠᠷ ᠴᠠᠭᠳᠠᠭ᠎ᠠ | ᠬᠡᠷᠡᠭᠯᠡᠪᠡ᠃ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠵᠢᠭᠤᠯᠴᠢᠯᠠᠯ ᠤᠨ ᠦᠵᠡᠮᠵᠢ ᠶᠢᠨ ᠣᠷᠣᠨ᠂ ᠲᠣᠮᠣ ᠬᠡᠯᠪᠡᠷᠢ ᠶᠢᠨ ᠠᠵᠢᠯᠯᠠᠭ᠎ᠠ | ᠬᠢᠬᠦ ᠵᠡᠷᠭᠡ ᠬᠥᠮᠦᠨ ᠣᠯᠠᠨ ᠴᠤᠭᠯᠠᠷᠠᠬᠤ ᠭᠠᠵᠠᠷ ᠲᠠᠯᠠᠪᠤᠷ ᠤᠨ ᠠᠮᠤᠷ ᠲᠦᠪᠰᠢᠨ ᠤ ᠬᠠᠮᠢᠶᠠᠷᠤᠯᠲᠠ ᠡᠵᠡᠮᠳᠡᠯ ᠢᠶᠠᠨ ᠦᠨᠡᠨ ᠬᠦ ᠴᠢᠩᠭᠠᠳᠬᠠᠵᠤ᠂ ᠴᠠᠰᠤ | ᠮᠥᠰᠥᠲᠦᠯ ᠤᠨ ᠴᠠᠭ ᠠᠭᠤᠷ ᠢ ᠠᠷᠭᠠᠴᠠᠬᠤ ᠪᠠ ᠭᠤᠤᠯᠳᠠᠯᠭ᠎ᠠ ᠲᠠᠢ ᠵᠠᠮ ᠤᠨ ᠬᠡᠰᠡᠭ᠂ ᠴᠠᠭ ᠬᠤᠭᠤᠴᠠᠭᠠᠨ ᠤ ᠲᠡᠷᠭᠡ ᠬᠥᠰᠬᠡ ᠶᠢᠨ ᠨᠡᠪᠲᠡᠷᠡᠭᠦᠯᠬᠦ ᠪᠠᠨ | ᠴᠢᠩᠭᠠᠳᠬᠠᠵᠤ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠴᠠᠭᠳᠠᠭᠠᠨ ᠤ ᠬᠦᠴᠦᠨ ᠢ ᠨᠡᠶᠢᠲᠡ 53620 ᠬᠥᠮᠦᠨ ᠤᠳᠠᠭ᠎ᠠ ᠵᠠᠷᠤᠴᠠᠭᠤᠯᠵᠤ᠂ ᠵᠠᠮ | ᠬᠠᠷᠢᠯᠴᠠᠭᠠᠨ ᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠬᠤ ᠥᠷᠲᠡᠭᠡ ᠶᠢ 98 ᠠᠵᠢᠯᠯᠠᠭᠤᠯᠵᠤ᠂ ᠲᠦᠷ ᠴᠠᠭ ᠤᠨ ᠡᠭᠦᠷᠭᠡ ᠭᠦᠢᠴᠡᠳᠬᠡᠬᠦ ᠴᠢᠭ 334 ᠢ | ᠲᠣᠬᠢᠷᠠᠭᠤᠯᠤᠨ᠂ ᠣᠯᠠᠨ ᠲᠦᠮᠡᠨ ᠤ ᠶᠠᠪᠤᠵᠤ ᠰᠠᠭᠤᠬᠤ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠪᠠ᠃ | | | | ᠴᠠᠭᠠᠨ ᠰᠠᠷ᠎ᠠ ᠶᠢᠨ ᠬᠤᠭᠤᠴᠠᠭᠠᠨ ᠳᠤ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ 24 ᠴᠠᠭ ᠢᠶᠠᠷ ᠵᠢᠵᠢᠭᠦᠷᠯᠡᠵᠦ ᠠᠵᠢᠯ ᠳᠤ | ᠪᠡᠯᠡᠳᠬᠡᠬᠦ᠂ ᠭᠠᠳᠠᠭᠰᠢ ᠭᠠᠷᠴᠤ ᠮᠡᠳᠡᠭᠦᠯᠵᠦ ᠳᠠᠩᠰᠠᠯᠠᠭᠤᠯᠬᠤ ᠪᠠ ᠴᠢᠬᠤᠯᠠ ᠶᠡᠭᠡ ᠪᠠᠶᠢᠳᠠᠯ ᠤᠨ ᠲᠤᠬᠠᠶ ᠵᠢᠭᠠᠪᠤᠷᠢ ᠠᠪᠴᠤ ᠮᠡᠳᠡᠭᠦᠯᠬᠦ ᠵᠡᠷᠭᠡ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠴᠢᠩᠭ᠎ᠠ ᠵᠢᠷᠤᠮᠵᠢᠭᠤᠯᠵᠤ᠂ ᠦᠢᠯᠡᠴᠢᠯᠡᠭᠡᠨ ᠤ ᠠᠵᠢᠯ ᠪᠠ ᠴᠠᠭᠳᠠᠭᠠᠨ ᠤ | ᠬᠦᠴᠦᠨ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠡᠩᠨᠡᠭᠡ ᠶᠢᠨ ᠢᠮᠠᠭᠲᠠ ᠥᠷᠨᠢᠭᠦᠨ ᠪᠠᠳᠠᠷᠠᠩᠭᠤᠶ ᠪᠥᠭᠡᠳ ᠤᠳᠠᠭᠠᠨ ᠳᠠᠭᠠᠭᠠᠮᠠᠭᠠᠶ ᠳᠠᠶᠢᠴᠢᠨ | ᠬᠦᠴᠦᠨ ᠢᠶᠠᠨ ᠪᠠᠲᠤᠯᠠᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠮᠤᠷ ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠡᠭᠦᠷᠭᠡ ᠶᠢ ᠲᠡᠭᠦᠰ ᠠᠮᠵᠢᠯᠲᠠ ᠲᠠᠢ | ᠪᠡᠶᠡᠯᠡᠭᠦᠯᠪᠡ᠃ |