2 ᠳ᠋ᠤᠭᠠᠷ ᠰᠠᠷ᠎ᠠ ᠶᠢᠨ 21 ᠤ ᠡᠳᠦᠷ᠂ ᠪᠥᠬᠦ ᠣᠷᠣᠨ ᠤ ᠬᠢᠯᠢ ᠠᠯᠤᠰᠯᠠᠨ ᠵᠣᠭᠤᠰ ᠮᠦᠷᠦᠶᠢᠴᠡᠬᠦ ᠳᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯ ᠤᠨ | ᠸᠢᠳᠢᠣ᠋ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠬᠢᠯᠢ ᠠᠯᠤᠰᠯᠠᠨ ᠵᠣᠭᠤᠰ ᠮᠦᠷᠦᠶᠢᠴᠡᠬᠦ ᠳᠤ ᠴᠣᠬᠢᠯᠲᠠ ᠥᠭᠴᠦ ᠴᠡᠭᠴᠡᠯᠡᠨ ᠵᠠᠰᠠᠬᠤ | ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠪᠥᠬᠦ ᠤᠯᠤᠰ ᠤᠨ ᠬᠢᠯᠢ ᠠᠯᠤᠰᠯᠠᠨ ᠵᠣᠭᠤᠰ ᠮᠦᠷᠦᠶᠢᠴᠡᠬᠦ ᠳᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯ ᠤᠨ | ᠸᠢᠳᠢᠣ᠋ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠠᠵᠢᠯ ᠢᠶᠠᠨ ᠳ᠋ᠦᠩᠨᠡᠵᠦ᠂ ᠪᠠᠶᠢᠳᠠᠯ ᠢ ᠵᠠᠳᠠᠯᠵᠤ᠂ ᠡᠭᠦᠷᠭᠡ ᠪᠠᠨ ᠪᠠᠶᠢᠷᠢᠯᠠᠭᠤᠯᠪᠠ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶᠠᠨ ᠤ ᠱᠦᠵᠢ᠂ ᠲᠢᠩᠬᠢᠮ ᠤᠨ ᠳᠠᠷᠤᠭ᠎ᠠ ᠵᠧᠩ | ᠭᠤᠸᠠᠩ ᠵᠣᠣ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | | | | ᠬᠤᠷᠠᠯ ᠠᠴᠠ᠂ ᠨᠢᠳᠤᠨᠤᠨ ᠠᠴᠠ ᠨᠠᠭᠠᠰᠢ᠂ ᠪᠥᠬᠦ ᠣᠷᠣᠨ ᠤ ᠡᠯ᠎ᠡ ᠱᠠᠲᠤ᠂ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶᠠᠨ ᠤ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠳᠣᠲᠣᠭᠠᠳᠤ ᠶᠢ | ᠬᠠᠮᠠᠭᠠᠯᠠᠬᠤ ᠶᠠᠮᠤᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠠᠵᠢᠯ ᠤᠨ ᠲᠣᠭᠲᠠᠴᠠ ᠪᠠᠨ ᠯᠠᠪᠳᠠᠭᠤᠨ ᠪᠠᠲᠤᠲᠠᠶ ᠡᠮᠬᠢ ᠵᠢᠷᠤᠮ ᠲᠠᠢ ᠰᠢᠯᠢᠳᠡᠭᠵᠢᠭᠦᠯᠵᠦ᠂ ᠣᠯᠠᠨ | ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠴᠣᠬᠢᠯᠲᠠ ᠥᠭᠴᠦ ᠴᠡᠭᠴᠡᠯᠡᠨ ᠵᠠᠰᠠᠬᠤ ᠶᠢ ᠥᠷᠨᠢᠭᠦᠯᠵᠦ᠂ ᠰᠡᠷᠭᠡᠶᠢᠯᠡᠨ ᠡᠵᠡᠮᠳᠡᠵᠦ ᠴᠡᠭᠴᠡᠯᠡᠨ ᠵᠠᠰᠠᠬᠤ | ᠰᠢᠰᠲ᠋ᠧᠮ ᠢ ᠪᠥᠬᠦ ᠲᠠᠯ᠎ᠠ ᠪᠠᠷ ᠠᠬᠢᠭᠤᠯᠤᠨ ᠲᠡᠭᠦᠯᠳᠡᠷᠵᠢᠭᠦᠯᠵᠦ᠂ ᠬᠢᠯᠢ ᠠᠯᠤᠰᠯᠠᠨ ᠵᠣᠭᠤᠰ ᠮᠦᠷᠦᠶᠢᠴᠡᠬᠦ ᠳᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯ | ᠰᠠᠶᠢᠨ ᠦᠷ᠎ᠡ ᠪᠦᠲᠦᠮᠵᠢ ᠤᠯᠪᠠ ᠭᠡᠵᠦ ᠵᠢᠠᠭᠠᠵᠤ ᠭᠠᠷᠭᠠᠪᠠ᠃ | | | | ᠬᠤᠷᠠᠯ ᠠᠴᠠ᠂ ᠬᠢᠯᠢ ᠠᠯᠤᠰᠯᠠᠨ ᠵᠣᠭᠤᠰ ᠮᠦᠷᠦᠶᠢᠴᠡᠬᠦ ᠳᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯ ᠤᠨ ᠬᠠᠷᠢᠭᠤᠴᠠᠯᠭᠠᠲᠤ ᠰᠡᠳᠬᠢᠯᠭᠡ᠂ ᠲᠤᠯᠭᠠᠮ | ᠰᠡᠳᠬᠢᠯᠭᠡ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠲᠠᠢ ᠦᠨᠡᠨ ᠬᠦ ᠨᠢᠭᠡᠳᠬᠡᠵᠦ᠂ | ᠰᠢᠨ᠎ᠡ ᠪᠠᠶᠢᠳᠠᠯ᠂ ᠰᠢᠨ᠎ᠡ ᠬᠤᠪᠢᠷᠠᠯᠲᠠ ᠶᠢ ᠣᠨᠣᠪᠴᠢᠲᠠᠢ ᠡᠵᠡᠮᠳᠡᠵᠦ᠂ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯ ᠢ ᠴᠢᠨᠠᠷ ᠰᠠᠶᠢᠲᠠᠢ ᠥᠨᠳᠥᠷ ᠪᠦᠲᠦᠮᠵᠢᠲᠡᠢ | ᠠᠬᠢᠭᠤᠯᠵᠤ᠂ ᠰᠢᠨ᠎ᠡ ᠰᠢᠪᠲᠤᠯᠤᠯᠲᠠ ᠲᠠᠢ ᠪᠣᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ | ᠴᠢᠬᠤᠯᠠᠴᠢᠯᠠᠵᠤ᠂ ᠠᠷᠭ᠎ᠠ ᠪᠤᠳᠤᠯᠭ᠎ᠠ ᠶᠢ ᠶᠡᠷᠦᠩᠬᠡᠶᠢᠯᠡᠨ ᠬᠡᠷᠡᠭᠯᠡᠵᠦ᠂ ᠴᠢᠮᠡᠭᠡ ᠮᠡᠳᠡᠭᠡ ᠪᠠᠷ ᠲᠠᠩᠨᠠᠨ ᠪᠠᠶᠢᠴᠠᠭᠠᠬᠤ ᠵᠠᠰᠠᠬᠤ ᠶᠢ ᠵᠢᠯᠣᠭᠤᠳᠣᠭᠰᠠᠨ ︽ᠡᠷᠴᠢᠮᠵᠢᠭᠦᠯᠦᠭᠰᠡᠨ | ᠲᠠᠶᠢᠨ︾ ᠬᠢᠬᠦ ᠶᠢ ᠪᠠᠷᠢᠮᠲᠠᠯᠠᠵᠤ᠂ ︽ᠪᠤᠭᠤᠮᠲᠠ ᠰᠢᠪᠲᠤᠯᠬᠤ ᠲᠠᠶᠢᠨ︾ ᠢ ᠭᠤᠣᠯᠳᠠᠯᠭ᠎ᠠ ᠲᠠᠢ ᠪᠠᠷ ᠬᠢᠵᠦ᠂ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ ︽ᠨᠡᠶᠢᠯᠡᠮᠡᠯ | ᠲᠠᠶᠢᠨ︾ ᠬᠢᠵᠦ᠂ ᠬᠢᠯᠢ ᠠᠯᠤᠰᠯᠠᠨ ᠵᠣᠭᠤᠰ ᠮᠦᠷᠦᠶᠢᠴᠡᠬᠦ ᠶᠠᠯᠠᠲᠤ ᠠᠵᠢᠯᠯᠠᠭ᠎ᠠ ᠶᠢ ᠳᠠᠷᠤᠬᠤ ᠪᠠᠶᠢᠳᠠᠯ ᠢ ᠦᠷᠭᠦᠯᠵᠢᠯᠡᠨ ᠪᠤᠢ ᠪᠣᠯᠭᠠᠬᠤ ᠬᠡᠷᠡᠭᠲᠡᠢ᠃ ᠰᠡᠷᠭᠡᠶᠢᠯᠡᠨ | ᠡᠵᠡᠮᠳᠡᠬᠦ ᠵᠠᠰᠠᠯᠲᠠ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ᠂ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠵᠦ᠂ ᠵᠣᠭᠤᠰ ᠮᠦᠷᠦᠶᠢᠴᠡᠬᠦ ᠶᠢ ᠬᠤᠷᠢᠭᠯᠠᠬᠤ | ᠹᠷᠣᠨᠲ ᠢ ᠪᠠᠳᠤᠳᠬᠠᠨ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠶᠠᠯᠠᠲᠤ ᠠᠵᠢᠯᠯᠠᠭ᠎ᠠ ᠶᠢᠨ ᠪᠣᠶ ᠪᠣᠯᠬᠤ ᠬᠥᠷᠥᠰᠥ ᠰᠢᠷᠣᠶ ᠶᠢ ᠠᠷᠢᠯᠭᠠᠬᠤ | ᠬᠡᠷᠡᠭᠲᠡᠶ᠃ ᠲᠣᠭᠲᠠᠴᠠ ᠶᠢᠨ ᠳᠠᠪᠠᠭᠤᠯᠢᠭ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢᠶᠠᠨ ᠦᠨᠡᠨ ᠬᠦ ᠪᠠᠳᠠᠷᠠᠭᠤᠯᠵᠤ᠂ ᠬᠢᠯᠢ ᠠᠯᠤᠰᠯᠠᠨ ᠵᠣᠭᠤᠰ ᠮᠦᠷᠦᠶᠢᠴᠡᠬᠦ ᠳᠤ | ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠤ ᠭᠠᠵᠠᠷ ᠲᠤ ᠨᠢ ᠡᠷᠡᠰ ᠨᠠᠶᠢᠳᠠᠪᠤᠷᠢᠵᠢᠭᠤᠯᠬᠤ ᠬᠡᠷᠡᠭᠲᠡᠶ᠃ | ᠬᠠᠤᠯᠢ ᠬᠡᠷᠡᠭᠵᠢᠭᠦᠯᠬᠦ᠂ ᠮᠥᠩᠭᠦᠨ ᠭᠦᠢᠯᠭᠡᠭᠡ᠂ ᠭᠠᠳᠠᠭᠠᠳᠤ ᠶᠠᠪᠤᠳᠠᠯ᠂ ᠤᠬᠠᠭᠤᠯᠭ᠎ᠠ᠂ ᠬᠠᠤᠯᠢ ᠴᠠᠭᠠᠵᠠ ᠵᠡᠷᠭᠡ ᠠᠷᠭ᠎ᠠ ᠬᠡᠮᠵᠢᠶ᠎ᠡ ᠶᠢ ᠨᠢᠭᠡᠳᠦᠯᠲᠡᠢ ᠲᠥᠯᠥᠪᠵᠢᠭᠦᠯᠦᠨ | ᠠᠬᠢᠭᠤᠯᠵᠤ᠂ ᠴᠠᠭ ᠴᠢᠭᠯᠡᠯ ᠢ ᠲᠣᠳᠣᠷᠬᠠᠶᠢᠯᠠᠬᠤ ᠬᠡᠷᠡᠭᠲᠡᠢ᠃ ᠲᠣᠭᠲᠠᠴᠠ ᠪᠠᠷ ᠬᠠᠮᠵᠢᠯᠴᠠᠬᠤ᠂ ᠡᠬᠢ ᠪᠠᠶᠠᠯᠢᠭ ᠢ ᠬᠠᠮᠲᠤ ᠪᠠᠷ ᠬᠡᠷᠡᠭᠯᠡᠬᠦ᠂ ᠮᠡᠳᠡᠭᠡ ᠶᠢ ᠬᠠᠮᠲᠤ ᠪᠠᠷ | ᠡᠳ᠋ᠯᠡᠬᠦ ᠶᠢ ᠴᠢᠩᠭᠠᠳᠬᠠᠵᠤ᠂ ᠡᠯ᠎ᠡ ᠲᠠᠯ᠎ᠠ ᠶᠢᠨ ᠡᠬᠢ ᠪᠠᠶᠠᠯᠢᠭ ᠤᠨ ᠬᠦᠴᠦᠨ ᠢ ᠪᠦᠲᠦᠮᠵᠢᠲᠡᠢ ᠵᠣᠯᠭᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠬᠠᠤᠯᠢ ᠪᠠᠷ | ᠵᠠᠰᠠᠬᠤ ᠪᠠᠲᠤᠯᠠᠭ᠎ᠠ ᠶᠢ ᠴᠢᠩᠭᠠᠳᠬᠠᠵᠤ᠂ ᠡᠯ᠎ᠡ ᠵᠦᠢᠯ ᠤᠨ ᠲᠦᠷᠢᠮ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠬᠠᠤᠯᠢ ᠴᠠᠭᠠᠵᠠ ᠶᠢᠨ ᠦᠷ᠎ᠡ ᠪᠦᠲᠦᠮᠵᠢ ᠪᠠ ᠤᠯᠤᠰ | ᠲᠦᠷᠦ ᠶᠢᠨ ᠦᠷ᠎ᠡ ᠪᠦᠲᠦᠮᠵᠢ᠂ ᠨᠡᠶᠢᠭᠡᠮ ᠤᠨ ᠦᠷ᠎ᠡ ᠪᠦᠲᠦᠮᠵᠢ᠂ ᠶᠠᠷᠢᠶ᠎ᠠ ᠬᠡᠯᠡᠯᠴᠡᠭᠡᠨ ᠤ ᠦᠷ᠎ᠡ ᠪᠦᠲᠦᠮᠵᠢ ᠶᠢᠨ ᠣᠷᠭᠠᠨᠢᠭ ᠨᠢᠭᠡᠳᠦᠯ ᠢ ᠴᠢᠷᠮᠠᠶᠢᠨ ᠪᠡᠶᠡᠯᠡᠭᠦᠯᠬᠦ | ᠬᠡᠷᠡᠭᠲᠡᠢ ᠭᠡᠵᠦ ᠴᠢᠬᠤᠯᠴᠢᠯᠠᠪᠠ᠃ |