ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠤᠯ ᠰᠢᠵᠢᠮ ᠢ ᠪᠠᠲᠤ ᠡᠵᠡᠮᠳᠡᠬᠦ᠂ ᠤᠮᠠᠷᠠᠲᠤ ᠬᠢᠯᠢ ᠶᠢᠨ ᠳᠣᠲᠣᠭᠠᠳᠤ ᠶᠢ ᠬᠠᠮᠠᠭᠠᠯᠠᠬᠤ ᠰᠣᠶᠣᠯ ᠤᠨ | ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠤᠯᠠᠮ ᠴᠢᠨᠠᠭᠰᠢᠳᠠ ᠥᠷᠨᠢᠭᠦᠯᠬᠦ᠂ ᠴᠠᠭᠳᠠᠭᠠᠨ ᠤ ᠬᠤᠸᠠᠷᠠᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ᠂ | ᠥᠳᠬᠡᠨ ᠵᠤᠵᠠᠭᠠᠨ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ︽3.8︾ ᠤ ᠳᠡᠯᠡᠬᠡᠶ ᠶᠢᠨ ᠬᠥᠳᠡᠯᠮᠦᠷᠢᠴᠢᠨ ᠡᠮᠡᠭᠲᠡᠶᠢᠴᠦᠳ ᠤᠨ | ᠪᠠᠶᠠᠷ ᠬᠦᠷᠴᠦ ᠢᠷᠡᠬᠦ ᠲᠠᠰᠢᠷᠠᠮ ᠢᠶᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠰᠣᠨᠢᠨ ᠮᠡᠳᠡᠭᠡ | ᠤᠬᠠᠭᠤᠯᠬᠤ ᠭᠠᠵᠠᠷ ᠪᠠ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ︽ᠤᠮᠠᠷᠠᠲᠤ ᠬᠢᠯᠢ ᠶᠢᠨ ᠡᠮᠡᠭᠲᠡᠶ | ᠴᠠᠭᠳᠠᠭ᠎ᠠ ᠶᠢᠨ ᠤᠷ᠎ᠠ ᠠᠪᠢᠶᠠᠰ︾ ᠬᠤᠶᠠᠳᠤᠭᠠᠷ ᠬᠤᠭᠤᠴᠠᠭᠠᠨ ᠤ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽3.8︾ ᠤ ᠳᠡᠯᠡᠬᠡᠶ ᠶᠢᠨ | ᠬᠥᠳᠡᠯᠮᠦᠷᠢᠴᠢᠨ ᠡᠮᠡᠭᠲᠡᠶᠢᠴᠦᠳ ᠤᠨ ᠪᠠᠶᠠᠷ ᠢ ᠳᠤᠷᠠᠰᠬᠠᠬᠤ ᠤᠷᠠᠨ ᠵᠢᠷᠤᠭ ᠤᠷᠠᠨ ᠪᠢᠴᠢᠯᠭᠡ ᠬᠡᠷᠡᠯ ᠵᠢᠷᠤᠭ ᠤᠨ ᠰᠦᠯᠵᠢᠶᠡᠨ ᠳᠡᠭᠡᠷ᠎ᠡ ᠳᠡᠯᠭᠡᠨ ᠦᠵᠡᠭᠦᠯᠪᠡ᠃ | ᠲᠣᠰ ᠤᠳᠠᠭᠠᠨ ᠤ ᠠᠵᠢᠯᠯᠠᠭ᠎ᠠ ᠨᠢ ᠪᠥᠬᠦ ᠣᠷᠣᠨ ᠤ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠦᠴᠦᠲᠡᠶ ᠳᠡᠮᠵᠢᠯᠭᠡ ᠶᠢ ᠣᠯᠵᠤ᠂ | ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠡᠮᠡᠭᠲᠡᠶ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠪᠦᠲᠦᠭᠡᠯ ᠢ ᠨᠡᠶᠢᠲᠡ 300 ᠭᠠᠷᠤᠶ | ᠴᠤᠭᠯᠠᠭᠤᠯᠵᠤ᠂ ᠣᠲᠣ ᠬᠡᠰᠡᠭ ᠰᠢᠯᠢᠳᠡᠭ ᠪᠦᠲᠦᠭᠡᠯ ᠢ ᠲᠥᠪᠯᠡᠷᠡᠭᠦᠯᠦᠨ ᠳᠡᠯᠭᠡᠨ ᠦᠵᠡᠭᠦᠯᠵᠦ ᠪᠠᠶᠢᠨ᠎ᠠ᠃ ᠡᠲᠡᠭᠡᠷ ᠪᠦᠲᠦᠭᠡᠯ ᠤᠨ ᠭᠤᠤᠯ ᠰᠡᠳᠦᠪ ᠨᠢ ᠢᠯᠡ ᠲᠣᠳᠣ᠂ | ᠰᠡᠳᠦᠪ ᠮᠠᠲ᠋ᠧᠷᠢᠶᠠᠯ ᠨᠢ ᠣᠯᠠᠨ ᠶᠠᠩᠵᠤ ᠶᠢᠨ᠂ ᠠᠭᠤᠯᠭ᠎ᠠ ᠨᠢ ᠡᠯᠪᠡᠭ ᠪᠠᠶᠠᠯᠢᠭ ᠪᠠᠶᠢᠵᠤ᠂ ᠤᠮᠠᠷᠠᠲᠤ ᠬᠢᠯᠢ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ | ᠰᠢᠨ᠎ᠡ ᠴᠢᠨᠠᠷ ᠪᠦᠬᠦᠢ ᠳᠠᠶᠢᠴᠢᠨ ᠬᠦᠴᠦᠨ ᠤ ᠳᠡᠭᠡᠭᠰᠢᠯᠡᠯᠲᠡ ᠶᠢ ᠢᠯᠡᠷᠡᠭᠦᠯᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠪᠠᠭᠠᠲᠤᠷ ᠵᠢᠱᠢᠶᠡᠴᠢ ᠶᠢᠨ ᠡᠷᠬᠢᠮ | ᠳᠡᠭᠡᠳᠦ ᠵᠣᠷᠢᠭ ᠰᠠᠨᠠᠭ᠎ᠠ ᠶᠢ ᠮᠠᠭᠲᠠᠨ ᠳᠠᠭᠤᠯᠠᠵᠤ᠂ ᠥᠷᠭᠡᠨ ᠣᠯᠠᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ | ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ | ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠤᠨ ᠲᠥᠯᠥᠭᠡ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ | ᠡᠷᠴᠢ ᠵᠣᠷᠢᠭ ᠢᠶᠠᠨ ᠬᠥᠪᠴᠢᠯᠡᠨ ᠡᠷᠡᠯᠬᠡᠭᠯᠡᠨ ᠲᠡᠮᠡᠴᠡᠭᠰᠡᠨ ᠣᠶᠤᠨ ᠰᠠᠨᠠᠭᠠᠨ ᠤ ᠳᠦᠷᠰᠦ ᠪᠠᠶᠢᠳᠠᠯ ᠢ ᠲᠤᠰᠬᠠᠵᠤ᠂ ᠮᠠᠨ ᠤ ᠣᠷᠣᠨ ᠤ ᠳᠣᠲᠣᠭᠠᠳᠤ ᠶᠢ ᠬᠠᠮᠠᠭᠠᠯᠠᠬᠤ | ᠡᠮᠡᠭᠲᠡᠶ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠭᠦᠨ ᠵᠤᠵᠠᠭᠠᠨ ᠰᠣᠶᠣᠯ ᠤᠨ ᠠᠭᠤᠯᠤᠭᠳᠠᠬᠤᠨ ᠪᠠ ᠪᠠᠶᠠᠯᠢᠭ ᠤᠷᠠᠯᠢᠭ ᠤᠨ ᠷᠢᠳᠢ ᠰᠢᠳᠢ ᠶᠢ | ᠢᠯᠡᠷᠡᠭᠦᠯᠪᠡ᠃ | | | | ᠤᠷᠠᠨ ᠵᠢᠷᠤᠭ ᠤᠨ ᠪᠦᠲᠦᠭᠡᠯ ᠤᠨ ᠲᠡᠷᠢᠭᠦᠨ ︽ᠰᠤᠷᠤᠭᠴᠢ ᠶᠢ ᠬᠠᠮᠠᠭᠠᠯᠠᠬᠤ ᠠᠵᠢᠯ ᠶᠢᠨ ᠪᠠᠶᠢᠷᠢ ᠪᠠᠨ ᠪᠠᠲᠤ ᠰᠠᠬᠢᠭᠰᠠᠨ︾ ᠯᠢ ᠵᠢᠩ ᠮᠢᠨ | | | | ᠤᠷᠠᠨ ᠵᠢᠷᠤᠭ ᠤᠨ ᠪᠦᠲᠦᠭᠡᠯ ᠤᠨ ᠬᠤᠶᠠᠳᠤᠭᠠᠷ ︽ᠪᠠᠴᠢᠮ ᠠᠪᠤᠷᠠᠯᠲᠠ︾ ᠤᠯᠠᠭᠠᠨᠲᠤᠶᠠᠭ᠎ᠠ | | | | ᠤᠷᠠᠨ ᠵᠢᠷᠤᠭ ᠤᠨ ᠪᠦᠲᠦᠭᠡᠯ ᠤᠨ ᠬᠤᠶᠠᠳᠤᠭᠠᠷ ︽ᠡᠯᠪᠡᠭ ᠬᠤᠷᠢᠶᠠᠯᠲᠠ︾ ᠵᠢᠶᠠᠩ ᠷᠦᠢ ᠵᠢᠶᠦ᠋ᠨ | | | | ᠤᠷᠠᠨ ᠵᠢᠷᠤᠭ ᠤᠨ ᠪᠦᠲᠦᠭᠡᠯ ᠤᠨ ᠭᠤᠷᠪᠠᠳᠤᠭᠠᠷ ︽ᠠᠮᠤᠷ ᠲᠦᠪᠰᠢᠨ ᠶᠢᠨ ᠤᠬᠠᠭᠤᠯᠭ᠎ᠠ ᠬᠢᠵᠦ ᠪᠠᠶᠢᠭ᠎ᠠ ᠨᠢ︾ ᠠᠨ ᠶᠤᠸᠠᠨ | | | | ᠤᠷᠠᠨ ᠵᠢᠷᠤᠭ ᠤᠨ ᠪᠦᠲᠦᠭᠡᠯ ᠤᠨ ᠭᠤᠷᠪᠠᠳᠤᠭᠠᠷ ︽ᠨᠠᠨᠳᠢᠨ ᠵᠠᠯᠠᠭᠤ ᠨᠠᠰᠤ︾ ᠺᠠᠩ ᠳ᠋ᠢᠩ ᠾᠧ | | | | ᠤᠷᠠᠨ ᠵᠢᠷᠤᠭ ᠶᠢᠨ ᠪᠦᠲᠦᠭᠡᠯ ᠤᠨ ᠭᠤᠷᠪᠠᠳᠤᠭᠠᠷ ︽ᠰᠠᠬᠢᠨ ᠬᠠᠮᠠᠭᠠᠯᠠᠭᠴᠢ — ᠰᠢᠶᠠ ᠯᠢ︾ ᠠᠮᠢᠨ᠎ᠠ | | | | | | ᠭᠡᠷᠡᠯ ᠵᠢᠷᠤᠭ ᠶᠢᠨ ᠪᠦᠲᠦᠭᠡᠯ ᠤᠨ ᠲᠡᠷᠢᠭᠦᠨ ︽ᠪᠣᠷᠣᠭᠠᠨ ᠶᠢᠨ ᠳᠣᠮᠳᠠᠬᠢ ᠰᠢᠳᠤᠷᠭᠤ ᠬᠠᠮᠠᠭᠠᠯᠠᠭᠴᠢ︾ ᠰᠢᠦᠢ ᠰᠢᠶᠣᠣ ᠶᠣᠣ | | | | ᠭᠡᠷᠡᠯ ᠵᠢᠷᠤᠭ ᠶᠢᠨ ᠪᠦᠲᠦᠭᠡᠯ ᠤᠨ ᠬᠤᠶᠠᠳᠤᠭᠠᠷ ︽ᠦᠵᠡᠰᠭᠦᠯᠡᠩᠲᠦ ᠰᠠᠶᠢᠬᠠᠨ ᠥᠪᠥᠷ ᠮᠣᠩᠭᠤᠯ︾ ᠶᠠᠩ ᠬᠤᠩ ᠶᠠᠨ | | | | ᠭᠡᠷᠡᠯ ᠵᠢᠷᠤᠭ ᠶᠢᠨ ᠪᠦᠲᠦᠭᠡᠯ ᠤᠨ ᠬᠤᠶᠠᠳᠤᠭᠠᠷ ︽ᠡᠯᠪᠡᠭ ᠬᠤᠷᠢᠶᠠᠯᠲᠠ︾ ᠵᠣᠣ ᠢ ᠰᠢᠤᠸᠠᠨ | | | | ᠭᠡᠷᠡᠯ ᠵᠢᠷᠤᠭ ᠶᠢᠨ ᠪᠦᠲᠦᠭᠡᠯ ᠤᠨ ᠭᠤᠷᠪᠠᠳᠤᠭᠠᠷ ︽ ᠫᠤᠤᠵᠢᠩ ᠲᠠᠯᠪᠢᠬᠤ ᠠᠵᠢᠯᠯᠠᠭ᠎ᠠ ᠶᠢᠨ ᠠᠮᠤᠷ ᠶᠢ ᠬᠠᠮᠠᠭᠠᠯᠠᠵᠤ ᠪᠠᠶᠢᠭ᠎ᠠ ᠨᠢ︾ ᠵᠣᠣ ᠲᠢᠶᠠᠨ ᠲᠢᠶᠠᠨ | | | | ᠭᠡᠷᠡᠯ ᠵᠢᠷᠤᠭ ᠶᠢᠨ ᠪᠦᠲᠦᠭᠡᠯ ᠤᠨ ᠭᠤᠷᠪᠠᠳᠤᠭᠠᠷ ︽ᠠᠵᠢᠯ ᠶᠢᠨ ᠪᠠᠶᠢᠷᠢ ᠳᠤ ᠪᠠᠨ ᠦᠢᠯᠴᠢᠯᠡᠵᠦ ᠪᠠᠶᠢᠭ᠎ᠠ ᠨᠢ︾ ᠬᠤᠣ ᠬᠠᠨ ᠢᠦᠢ | | | | ᠭᠡᠷᠡᠯ ᠵᠢᠷᠤᠭ ᠶᠢᠨ ᠪᠦᠲᠦᠭᠡᠯ ᠤᠨ ᠭᠤᠷᠪᠠᠳᠤᠭᠠᠷ ︽ᠰᠦᠨᠢ ᠶᠢᠨ ᠬᠠᠮᠠᠭᠠᠯᠠᠭᠴᠢ︾ ᠹᠧᠩ ᠯᠤ᠋ ᠬᠤᠢ | | | | | | | | | | | ᠤᠷᠠᠨ ᠪᠢᠴᠢᠯᠭᠡ ᠶᠢᠨ ᠪᠦᠲᠦᠭᠡᠯ ᠤᠨ ᠲᠡᠷᠢᠭᠦᠨ ᠰᠠᠷᠠᠭᠤᠯ | | | | ᠤᠷᠠᠨ ᠪᠢᠴᠢᠯᠭᠡ ᠶᠢᠨ ᠪᠦᠲᠦᠭᠡᠯ ᠤᠨ ᠬᠤᠶᠠᠳᠤᠭᠠᠷ ᠴᠠᠩ ᠵᠢᠶᠧ | | | | | | ᠤᠷᠠᠨ ᠪᠢᠴᠢᠯᠭᠡ ᠶᠢᠨ ᠪᠦᠲᠦᠭᠡᠯ ᠤᠨ ᠬᠤᠶᠠᠳᠤᠭᠠᠷ ᠯᠢᠶᠠᠩ ᠰᠢᠶᠣᠣ ᠲᠥᠩ | | | | ᠤᠷᠠᠨ ᠪᠢᠴᠢᠯᠭᠡ ᠶᠢᠨ ᠪᠦᠲᠦᠭᠡᠯ ᠤᠨ ᠭᠤᠷᠪᠠᠳᠤᠭᠠᠷ ᠹᠠᠩ ᠬᠠᠢ ᠰᠢᠶᠠ | | | | ᠤᠷᠠᠨ ᠪᠢᠴᠢᠯᠭᠡ ᠶᠢᠨ ᠪᠦᠲᠦᠭᠡᠯ ᠤᠨ ᠭᠤᠷᠪᠠᠳᠤᠭᠠᠷ ᠵᠢᠶᠣᠣ ᠴᠦᠨ ᠯᠢ | | | | ᠤᠷᠠᠨ ᠪᠢᠴᠢᠯᠭᠡ ᠶᠢᠨ ᠪᠦᠲᠦᠭᠡᠯ ᠤᠨ ᠭᠤᠷᠪᠠᠳᠤᠭᠠᠷ ᠲᠢᠶᠠᠨ ᠮᠢᠩ ᠮᠢᠩ | | | | | |