ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠤᠰᠤ ᠠᠷᠪᠢᠯᠠᠬᠤ ᠠᠵᠢᠯᠯᠠᠭᠠᠨ ᠤ ᠬᠡᠷᠡᠭᠵᠢᠭᠦᠯᠬᠦ ᠲᠥᠰᠥᠯ︾ ᠤᠨ ᠲᠤᠬᠠᠢ ᠮᠡᠳᠡᠭᠳᠡᠯ ︵ᠥᠪᠥᠷ ᠵᠠᠰᠠᠭ ᠲᠠᠷᠬᠠᠭᠠᠭᠰᠠᠨ ﹇2025﹈ 9 ᠳ᠋ᠦ᠋ᠭᠡᠷ | ᠲᠣᠭᠠᠲᠤ︶ ᠢ ᠳᠠᠷᠤᠮᠠᠯᠯᠠᠨ ᠶᠠᠪᠤᠭᠤᠯᠪᠠ᠃ | ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯᠳᠤᠭᠠᠨ ᠤ | ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︽ᠤᠰᠤ ᠠᠷᠪᠢᠯᠠᠬᠤ ᠶᠢ ᠤᠷᠢᠳ ᠢᠶᠠᠷ ᠪᠣᠳᠣᠯᠬᠢᠯᠠᠭᠰᠠᠨ᠂ ᠣᠷᠣᠨ ᠵᠠᠢ ᠶᠢ ᠲᠡᠩᠴᠡᠭᠦᠷᠢᠲᠡᠢ ᠪᠠᠶᠢᠯᠭᠠᠬᠤ᠂ | ᠰᠢᠰᠲ᠋ᠧᠮᠵᠢᠭᠦᠯᠦᠨ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠶᠢ ᠵᠠᠰᠠᠵᠤ ᠠᠷᠪᠢᠯᠠᠬᠤ ᠰᠡᠳᠬᠢᠮᠵᠢ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠤᠳᠠᠭᠠᠨ ᠤ ᠪᠥᠬᠦᠳᠡ ᠬᠤᠷᠠᠯᠳᠤᠭᠠᠨ ᠵᠢᠴᠢ ᠪᠥᠬᠦ ᠣᠷᠣᠨ ᠤ ᠠᠵᠤ | ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠤᠨ ᠲᠣᠭᠤᠷᠢᠨ ᠳᠤ ᠴᠢᠩᠭ᠎ᠠ ᠨᠢᠭᠲᠠᠷᠠᠵᠤ᠂ ᠤᠰᠤ ᠠᠷᠪᠢᠯᠠᠬᠤ ᠠᠵᠢᠯᠯᠠᠭᠠᠨ ᠢ ᠶᠡᠭᠡ ᠪᠠᠷ | ᠬᠡᠷᠡᠭᠵᠢᠭᠦᠯᠬᠦ ᠶᠢᠨ ᠲᠤᠯᠠᠳᠠ᠂ ᠲᠣᠰ ᠲᠥᠰᠥᠯ ᠢ ᠲᠣᠭᠲᠠᠭᠠᠪᠠ᠃ | |