ᠪᠦᠬᠦ ᠤᠯᠤᠰ ᠶᠢᠨ ᠬᠤᠶᠠᠷ ᠬᠤᠷᠠᠯ ᠤᠨ ᠲᠤᠬᠠᠢ ᠶᠢᠨ ᠲᠠᠯᠠᠪᠠᠢ ᠳᠤ ︽ᠰᠠᠶᠢᠨ ᠴᠠᠭᠳᠠᠭ᠎ᠠ︾ ᠰᠠᠶᠢᠰᠢᠶᠠᠭᠳᠠᠪᠠ
ᠨᠡᠶᠢᠲᠡᠯᠡᠭᠰᠡᠨ ᠴᠠᠭ᠄
2025/3/17
     ᠠᠷᠠᠳ ᠤᠨ ᠴᠠᠭᠳᠠᠭ᠎ᠠ ᠪᠤᠶᠠᠨᠳᠡᠯᠭᠡᠷ ᠨᠢᠭᠡᠨᠲᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠷ᠎ᠡ ᠶᠢᠨ ᠬᠠᠭᠤᠳᠠᠰᠤ ᠪᠣᠯᠪᠠ᠃
           两会.png
      3 ᠳ᠋ᠤᠭᠠᠷ ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨ᠎ᠠ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠰᠠᠭᠤᠭ᠎ᠠ ᠭᠠᠵᠠᠷ  ᠲᠤ ᠪᠠᠨ ᠪᠦᠯᠬᠦᠮ ᠤᠨ ᠬᠤᠷᠠᠯ ᠬᠢᠵᠦ᠂ ᠳᠤᠮᠳᠠᠳᠤ ᠭᠠᠳᠠᠭᠠᠳᠤ ᠶᠢᠨ 29 ᠵᠠᠭᠤᠴᠢᠯᠠᠭᠤᠷ ᠤᠨ ᠰᠤᠷᠪᠤᠯᠵᠢᠯᠠᠭᠴᠢ ᠲᠤᠬᠠᠶ ᠶᠢᠨ ᠲᠠᠯᠠᠪᠠᠶ ᠳᠤ ᠬᠦᠷᠴᠦ ᠰᠤᠷᠪᠤᠯᠵᠢᠯᠠᠪᠠ᠃      ᠲᠤᠬᠠᠢ ᠶᠢᠨ ᠲᠠᠯᠠᠪᠠᠢ ᠳᠤ ᠠᠰᠠᠭᠤᠯᠲᠠ ᠠᠰᠠᠭᠤᠬᠤ ᠭᠤᠭᠴᠤᠭ᠎ᠠ ᠳᠤ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠴᠢᠨᠠᠷᠲᠠᠢ ᠥᠷᠨᠢᠭᠦᠯᠦᠭᠰᠡᠨ ︽ᠨᠠᠮ ᠤᠨ ᠠᠴᠢ ᠶᠢ ᠬᠠᠷᠢᠭᠤᠯᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠤᠨ ᠲᠤᠬᠠᠢ ᠲᠠᠨᠢᠯᠴᠠᠭᠤᠯᠬᠤ ᠳᠠᠭᠠᠨ ᠨᠢᠭᠡᠨ ᠵᠢᠱᠢᠶ᠎ᠡ ᠶᠢ ᠶᠠᠷᠢᠪᠠ ——     ᠪᠠᠶᠠᠨᠨᠠᠭᠤᠷ ᠤᠨ ᠨᠢᠭᠡᠨ ᠦᠨᠳᠦᠰᠦᠨ ᠱᠠᠲᠤᠨ ᠤ ᠨᠠᠮ ᠤᠨ ᠭᠡᠰᠢᠭᠦᠨ ᠠᠷᠠᠳ ᠤᠨ ᠴᠠᠭᠳᠠᠭ᠎ᠠ ᠪᠤᠶᠠᠨᠳᠡᠯᠭᠡᠷ᠂ ᠵᠢᠯ ᠲᠤᠵᠢ ᠤᠷᠠᠳ ᠤᠨ ᠲᠠᠯ᠎ᠠ ᠨᠤᠲᠤᠭ ᠢᠶᠠᠷ ᠶᠠᠪᠤᠵᠤ᠂ ᠬᠢᠯᠢ ᠶᠢᠨ ᠮᠠᠯᠵᠢᠬᠤ ᠣᠷᠣᠨ ᠤ 1672 ᠲᠡᠭᠰᠢ ᠳᠥᠷᠪᠡᠯᠵᠢᠨ ᠺᠢᠯᠣᠮᠧᠲᠷ᠂ 8000 ᠭᠠᠷᠤᠢ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠮᠤᠷ ᠠᠮᠤᠭᠤᠯᠠᠩ ᠵᠣᠯ ᠵᠢᠷᠭᠠᠯ ᠢ ᠰᠠᠬᠢᠨ ᠬᠠᠮᠠᠭᠠᠯᠠᠪᠠ᠃ ᠲᠡᠷᠡ ᠦᠷᠭᠦᠯᠵᠢ ︽ᠨᠠᠮ ᠢᠶᠠᠨ ᠳᠠᠭᠠᠪᠠᠯ ᠪᠢᠳᠡᠨ ᠨᠠᠷ ᠤᠨ ᠠᠮᠢᠳᠤᠷᠠᠯ ᠰᠠᠶᠢᠵᠢᠷᠠᠨ᠎ᠠ︾ ᠭᠡᠵᠦ ᠬᠡᠯᠡᠳᠡᠭ᠂ ᠡᠭᠦᠨ ᠤ ᠲᠥᠯᠥᠭᠡ᠂ ᠲᠡᠷᠡ ᠭᠠᠴᠠᠭᠠᠨ ᠤ ︽ᠠᠯᠪᠠᠨ ᠶᠠᠪᠤᠳᠠᠯ ᠤᠨ ᠬᠤᠯᠪᠣᠭ᠎ᠠ︾᠂ ︽ᠮᠠᠯᠴᠢᠨᠳ ᠤᠨ ᠬᠤᠯᠪᠣᠭ᠎ᠠ︾ ᠭᠡᠬᠦ ᠸᠢᠴᠠᠲ ᠤᠨ ᠬᠤᠯᠪᠣᠭ᠎ᠠ ᠶᠢ ᠵᠣᠬᠢᠶᠠᠨ ᠪᠠᠶᠢᠭᠤᠯᠵᠤ᠂ ᠡᠯ᠎ᠡ ᠦᠨᠳᠦᠰᠦᠲᠡᠨ ᠤ ᠣᠯᠠᠨ ᠲᠦᠮᠡᠨ ᠳᠤ ᠨᠠᠮ ᠤᠨ ᠲᠠᠭᠤᠨ᠂ ᠨᠠᠮ ᠤᠨ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤ ᠨᠢ ᠤᠬᠠᠭᠤᠯᠤᠨ᠂ ᠣᠯᠠᠨ ᠲᠦᠮᠡᠨ ᠤ ᠬᠦᠴᠢᠷ ᠠᠰᠠᠭᠤᠳᠠᠯ ᠢ ᠴᠠᠭ ᠲᠤᠬᠠᠶ ᠳᠤ ᠨᠢ ᠰᠢᠢᠳᠪᠦᠷᠢᠯᠡᠵᠦ᠂ ᠮᠠᠯᠴᠢᠳ ᠲᠡᠭᠦᠨ ᠢ ᠰᠠᠶᠢᠨ ᠴᠠᠭᠳᠠᠭ᠎ᠠ ᠭᠡᠵᠦ ᠳᠣᠲᠣᠨᠣᠴᠢᠯᠠᠨ ᠳᠠᠭᠤᠳᠠᠳᠠᠭ᠃ ᠬᠠᠷᠢᠶᠠᠲᠤ ᠣᠷᠣᠨ ᠤ ᠭᠠᠵᠠᠷ ᠵᠦᠶ ᠶᠢᠨ ᠬᠡᠪᠴᠢᠶ᠎ᠡ ᠥᠷᠭᠡᠨ ᠪᠣᠯᠬᠤᠷ ᠰᠦᠯᠵᠢᠶᠡᠨ ᠨᠠᠶᠢᠵᠠ ᠨᠠᠷ ᠲᠡᠭᠦᠨ ᠢ ︽ᠳᠤᠮᠳᠠᠳᠤ ᠤᠯᠤᠰ ᠤᠨ ᠬᠠᠮᠤᠭ ᠤᠨ ᠥᠷᠭᠡᠨ ᠬᠠᠷᠢᠶᠠᠲᠤ ᠣᠷᠣᠨ ᠢ ᠬᠠᠮᠢᠶᠠᠷᠴᠤ ᠪᠠᠶᠢᠭ᠎ᠠ ᠴᠠᠭᠳᠠᠭ᠎ᠠ︾ ᠭᠡᠳᠡᠭ᠃      ︽ᠨᠠᠷᠠ ᠪᠠᠨ ᠲᠠᠭᠠᠪᠠᠯ ᠲᠠᠭᠠᠷᠠᠬᠤ ᠦᠭᠡᠢ᠂ ᠨᠠᠮ ᠢᠶᠠᠨ ᠲᠠᠭᠠᠪᠠᠯ ᠪᠤᠷᠤᠭᠤᠳᠠᠬᠤ ᠦᠭᠡᠢ︾ ᠭᠡᠳᠡᠭ ᠪᠣᠯ ᠮᠣᠩᠭᠤᠯ ᠦᠨᠳᠦᠰᠦᠲᠡᠨ ᠤ ᠠᠬ᠎ᠠ ᠳᠡᠭᠦᠦ ᠨᠡᠷ ᠤᠨ ᠦᠨᠡᠨ ᠪᠣᠳᠠᠲᠠᠢ ᠲᠦᠷᠦᠭᠳᠡᠯ ᠪᠣᠯᠤᠨ᠎ᠠ᠃ ᠪᠤᠶᠠᠨᠳᠡᠯᠭᠡᠷ ᠪᠣᠯ ᠪᠦᠬᠦ ᠤᠯᠤᠰ ᠤᠨ ᠰᠢᠯᠢᠳᠡᠭ ᠡᠪ ᠬᠠᠮᠲᠤ ᠨᠠᠮ ᠤᠨ ᠭᠡᠰᠢᠭᠦᠨ᠂ ᠤᠷᠠᠳ ᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠴᠤᠬᠠᠦ᠋ᠨᠳᠦᠷ ᠪᠠᠯᠭᠠᠰᠤᠨ ᠤ ᠲᠣᠮᠢᠯᠠᠭᠰᠠᠨ ᠰᠠᠯᠪᠤᠷᠢ ᠶᠢᠨ ᠵᠢᠭᠠᠨ ᠵᠢᠯᠤᠭᠤᠳᠤᠭᠴᠢ ᠮᠥᠨ᠃ 1997 ᠣᠨ ᠳᠤ ᠴᠠᠭᠳᠠᠭᠠᠨ ᠤ ᠠᠵᠢᠯ ᠤᠨ ᠪᠠᠶᠢᠷᠢ ᠳᠤ ᠪᠠᠨ ᠭᠠᠷᠤᠭᠰᠠᠨ ᠠᠴᠠ ᠨᠠᠭᠠᠰᠢ᠂ ᠲᠡᠷᠡ ᠵᠢᠯ ᠪᠦᠷᠢ 6 ᠲᠦᠮᠡᠨ ᠺᠢᠯᠣᠮᠧᠲᠷ ᠠᠶᠠᠯᠠᠵᠤ᠂ ᠨᠡᠶᠢᠲᠡ 23 ᠲᠦᠮᠡᠨ ᠮᠠᠯᠴᠢᠳ ᠢ ᠰᠤᠷᠪᠤᠯᠵᠢᠯᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠦᠢᠯᠡᠴᠢᠯᠡᠬᠦ ᠪᠣᠳᠠᠲᠤ ᠠᠵᠢᠯᠯᠠᠭ᠎ᠠ ᠪᠠᠷ ᠢᠶᠠᠨ ᠦᠨᠳᠦᠰᠦᠲᠡᠨ ᠤ ᠭᠠᠵᠠᠷ ᠣᠷᠣᠨ ᠤ ᠬᠥᠭᠵᠢᠯᠲᠡ ᠶᠢ ᠠᠬᠢᠭᠤᠯᠵᠤ᠂ 2024 ᠣᠨ ᠳᠤ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠪᠢ ᠬᠥᠮᠦᠨ︾ ᠢᠶᠠᠷ ᠦᠨᠡᠯᠡᠭᠳᠡᠪᠡ᠃
两会1.jpg
     ᠸᠠᠩ ᠯᠢ ᠰᠢᠶᠠ᠄ ︽ᠬᠠᠷᠠᠯᠲᠠ ᠪᠠᠨ ᠪᠠᠲᠤ ᠡᠵᠡᠮᠳᠡᠵᠦ᠂ ᠶᠡᠷᠦᠩᠬᠡᠢ ᠱᠦᠵᠢ ᠶᠢᠨ ᠵᠢᠭᠠᠭᠰᠠᠨ ᠴᠢᠭᠯᠡᠯ ᠢᠶᠠᠷ ᠡᠷᠡᠰ ᠪᠠᠲᠤ ᠤᠷᠤᠭᠰᠢᠯᠠᠳᠠᠭ ᠯᠠ ᠶᠤᠮ ᠪᠣᠯ ᠡᠬᠡ ᠣᠷᠣᠨ ᠤ ᠤᠮᠠᠷᠠᠲᠤ ᠶᠢᠨ ᠡᠨᠡ ᠬᠦ ᠦᠵᠡᠮᠵᠢ ᠶᠢᠨ ᠣᠷᠣᠨ ᠢᠶᠠᠨ ᠯᠠᠪᠲᠠᠢ ᠨᠡᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠵᠤ ᠴᠢᠳᠠᠨ᠎ᠠ ᠭᠡᠳᠡᠭ ᠢ ᠪᠢᠳᠡ ᠪᠠᠲᠤ ᠢᠲᠡᠭᠡᠵᠦ ᠪᠠᠶᠢᠨ᠎ᠠ︕︾ ᠭᠡᠵᠦ ᠢᠯᠡᠳᠬᠡᠪᠡ᠃
ᠢᠷᠡᠯᠲᠡ᠄ ᠦᠪᠦᠷ ᠮᠤᠩᠭᠤᠯ ᠤᠨ ᠲᠤᠳᠤᠭᠠᠳᠦ ᠶᠢ ᠬᠠᠮᠠᠭᠠᠯᠠᠬᠤ ᠲᠢᠩᠬᠢᠮ