3 ᠰᠠᠷ᠎ᠠ ᠶᠢᠨ 17 ᠤ ᠡᠳᠦᠷ ᠠᠴᠠ 19 ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠱᠦᠵᠢ ᠨᠡᠷ ᠤᠨ | ᠭᠠᠵᠠᠷ ᠤᠨ ᠱᠦᠵᠢ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠰᠠᠶᠢᠳ ᠸᠠᠩ ᠰᠢᠶᠤᠤ ᠬᠤᠩ ᠴᠦᠩᠴᠢᠩ ᠪᠠ ᠰᠧᠴᠤᠸᠠᠨ ᠳᠤ ᠪᠠᠶᠢᠴᠠᠭᠠᠨ ᠰᠤᠳᠤᠯᠤᠯᠲᠠ ᠬᠢᠪᠠ᠃ | ᠲᠡᠷᠡ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠤᠨ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ | ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠬᠥᠭᠵᠢᠯᠲᠡ | ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠶ ᠲᠥᠯᠥᠪᠵᠢᠭᠦᠯᠵᠦ᠂ ᠣᠳᠣᠬᠠᠨ ᠤ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠶᠢ ᠣᠨᠣᠪᠴᠢᠲᠠᠶ | ᠡᠵᠡᠮᠳᠡᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠰᠠᠶᠢᠲᠤᠷ ᠵᠣᠬᠢᠶᠠᠨ ᠪᠠᠶᠢᠭᠤᠯᠤᠨ | ᠥᠷᠨᠢᠭᠦᠯᠵᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ᠂ ᠬᠥᠭᠵᠢᠯᠲᠡ ᠶᠢ ᠠᠬᠢᠭᠤᠯᠬᠤ ᠡᠯ᠎ᠡ | ᠵᠦᠢᠯ ᠤᠨ ᠠᠵᠢᠯ ᠢ ᠨᠠᠩ ᠣᠨᠣᠴᠠᠲᠠᠶ ᠡᠷᠴᠢᠮᠲᠡᠶ ᠰᠠᠶᠢᠲᠤᠷ ᠬᠢᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠢᠨ᠎ᠡ ᠰᠢᠨᠵᠢ ᠴᠢᠨᠠᠷ ᠳᠠᠶᠢᠴᠢᠨ ᠬᠦᠴᠦᠨ ᠢ | ᠲᠠᠰᠤᠷᠠᠯᠲᠠ ᠥᠬᠡᠶ ᠳᠡᠭᠡᠭᠰᠢᠯᠡᠭᠦᠯᠵᠦ᠂ ︽ᠬᠤᠶᠠᠷ ᠶᠡᠭᠡ ᠭᠠᠶᠢᠬᠠᠮᠰᠢᠭ︾ ᠤᠨ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠬᠦ ᠳᠤ ᠨᠠᠩ ᠶᠡᠭᠡ ᠳᠣᠲᠣᠭᠠᠳᠤ ᠶᠢ | ᠬᠠᠮᠠᠭᠠᠯᠠᠬᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠴᠢᠬᠤᠯᠠᠴᠢᠯᠠᠪᠠ᠃ | ᠴᠦᠩᠴᠢᠩ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠢᠮᠡᠭᠡ ᠮᠡᠳᠡᠭᠡᠨ ᠤ ᠵᠢᠯᠣᠭᠤᠳᠬᠤ ᠲᠥᠪ᠂ ᠱᠠ ᠫᠢᠩ ᠪᠠ ᠲᠣᠭᠤᠷᠢᠭ ᠤᠨ | ᠬᠤᠪᠢᠶᠠᠷᠢ ᠲᠣᠪᠴᠢᠶ᠎ᠠ ᠶᠢᠨ ᠬᠤᠩ ᠶᠠᠨ ᠲᠣᠮᠢᠯᠠᠭᠰᠠᠨ ᠰᠠᠯᠪᠤᠷᠢ᠂ ᠲᠦᠩ ᠯᠢᠶᠠᠩ ᠲᠣᠭᠤᠷᠢᠭ ᠤᠨ ᠴᠢᠤᠸᠠᠨ ᠳ᠋ᠧ ᠰᠤᠷᠭᠠᠭᠤᠯᠢ᠂ ᠰᠧᠴᠤᠸᠠᠨ ᠮᠤᠵᠢ ᠶᠢᠨ | ᠴᠧᠩᠳᠦ᠋ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠦ᠋ ᠾᠧᠦ ᠲᠣᠭᠤᠷᠢᠭ ᠤᠨ ᠬᠤᠪᠢᠶᠠᠷᠢ ᠲᠣᠪᠴᠢᠶ᠎ᠠ᠂ ᠴᠧᠩᠳᠦ᠋ ᠬᠤᠳᠠ ᠶᠢᠨ ᠲᠠᠪᠢᠨ | ᠬᠤᠶᠠᠳᠤᠭᠠᠷ ᠳᠤᠮᠳᠠᠳᠤ ᠰᠤᠷᠭᠠᠭᠤᠯᠢ ᠵᠡᠷᠭᠡ ᠨᠢᠭᠡᠴᠢ ᠪᠣᠯᠤᠨ ᠬᠤᠯᠪᠣᠭᠳᠠᠯ ᠪᠦᠬᠦᠢ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠳᠤ᠂ | ᠸᠠᠩ ᠰᠢᠶᠤᠤ ᠬᠤᠩ ︽ᠴᠢᠮᠡᠭᠡ ᠮᠡᠳᠡᠭᠡ ᠵᠢᠭᠠᠨ ᠵᠢᠯᠣᠭᠤᠳᠬᠤ ᠠᠵᠢᠯᠯᠠᠭ᠎ᠠ︾ ᠶᠢ ᠨᠢᠭᠡ ᠴᠤᠬᠴᠠᠵᠢᠭᠤᠯᠤᠨ ᠠᠵᠢᠯᠯᠠᠭᠤᠯᠬᠤ᠂ ᠳᠣᠲᠣᠭᠠᠳᠤ ᠶᠢ ᠬᠠᠮᠠᠭᠠᠯᠠᠬᠤ | ᠦᠨᠳᠦᠰᠦᠨ ᠱᠠᠲᠤᠨ ᠤ ᠰᠠᠭᠤᠷᠢ ᠠᠵᠢᠯ᠂ ᠲᠤᠰᠬᠠᠢ ᠰᠤᠷᠭᠠᠭᠤᠯᠢ ᠶᠢᠨ ᠪᠦᠳᠦᠭᠡᠨ ᠪᠠᠶᠢᠭᠤᠯᠤᠯᠲᠠ ᠪᠣᠯᠤᠨ ᠲᠤᠰᠬᠠᠢ ᠰᠤᠷᠭᠠᠨ ᠬᠥᠮᠦᠵᠢᠯ᠂ ᠠᠵᠤ ᠠᠬᠤᠶᠢᠯᠠᠯ ᠤᠨ | ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠬᠤ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠦᠨᠳᠦᠰᠦᠨ ᠱᠠᠲᠤᠨ ᠤ ᠺᠠᠳ᠋ᠷ᠂ | ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ᠂ ᠰᠤᠷᠭᠠᠭᠤᠯᠢ ᠶᠢᠨ ᠪᠠᠭᠰᠢ᠂ ᠠᠵᠤ ᠠᠬᠤᠶᠢᠯᠠᠯᠲᠠᠨ ᠤ ᠲᠥᠯᠥᠭᠡᠯᠡᠭᠴᠢ ᠨᠡᠷ ᠲᠠᠢ ᠰᠠᠨᠠᠯ ᠢᠶᠠᠨ ᠭᠦᠨᠵᠡᠭᠡᠢ | ᠰᠣᠯᠢᠯᠴᠠᠵᠤ᠂ ᠰᠠᠨᠠᠯ ᠰᠠᠨᠠᠭᠤᠯᠭ᠎ᠠ ᠶᠢ ᠨᠢ ᠰᠣᠨᠣᠰᠴᠠᠢ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠤᠨ ᠪᠦᠬᠦ ᠤᠯᠤᠰ ᠤᠨ ᠬᠤᠶᠠᠷ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠣᠳᠣᠬᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠰᠤᠷᠤᠯᠴᠠᠨ | ᠲᠤᠭᠤᠰᠢᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠬᠤ ᠬᠡᠷᠡᠭᠲᠡᠢ᠃ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠳᠤᠮᠳᠠᠳᠤ | ᠤᠯᠤᠰ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠲᠦᠷᠦ ᠶᠢᠨ ᠠᠮᠤᠷ ᠲᠦᠪᠰᠢᠨ᠂ ᠨᠡᠶᠢᠭᠡᠮ ᠤᠨ | ᠲᠣᠭᠲᠠᠭᠤᠨ᠂ ᠤᠯᠠᠨ ᠨᠡᠶᠢᠲᠡ ᠶᠢᠨ ᠠᠮᠤᠷ ᠲᠦᠪᠰᠢᠨ ᠵᠡᠷᠭᠡ ᠶᠢᠨ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠬᠤ ᠬᠡᠷᠡᠭᠲᠡᠢ᠃ ᠨᠠᠰᠤᠨ ᠳᠤ ᠦᠯᠦ | ᠬᠦᠷᠦᠭᠰᠡᠳ ᠤᠨ ᠶᠠᠯ᠎ᠠ ᠬᠢᠬᠦ ᠶᠢ ᠤᠷᠢᠳᠴᠢᠯᠠᠨ ᠰᠡᠷᠭᠡᠶᠢᠯᠡᠬᠦ ᠪᠠ ᠵᠠᠰᠠᠬᠤ ᠠᠵᠢᠯ ᠢ ᠴᠢᠩᠭᠠᠳᠬᠠᠵᠤ᠂ ᠲᠤᠰᠬᠠᠢ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠪᠠ | ᠲᠤᠰᠬᠠᠢ ᠬᠥᠮᠦᠵᠢᠯ ᠢ ᠴᠢᠩᠭᠠᠳᠬᠠᠵᠤ᠂ ᠲᠡᠳᠡᠨ ᠤ ᠡᠷᠡᠭᠦᠯ ᠢᠶᠠᠷ ᠦᠰᠦᠨ ᠪᠤᠶᠢᠵᠢᠬᠤ ᠶᠢ ᠨᠡᠩ ᠰᠠᠶᠢᠲᠤᠷ ᠬᠠᠮᠠᠭᠠᠯᠠᠬᠤ ᠬᠡᠷᠡᠭᠲᠡᠢ᠃ ᠮᠡᠳᠡᠷᠡᠭᠦᠰᠢᠲᠡᠶ | ᠳᠣᠲᠣᠭᠠᠳᠤ ᠶᠢ ᠬᠠᠮᠠᠭᠠᠯᠠᠬᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠦᠢᠯᠡᠴᠢᠯᠡᠭᠡᠨ ᠤ ᠰᠢᠨ᠎ᠡ ᠠᠷᠭ᠎ᠠ ᠬᠡᠮᠵᠢᠶ᠎ᠡ ᠶᠢ ᠢᠯᠡᠭᠦᠬᠡᠨ ᠭᠠᠷᠭᠠᠵᠤ᠂ ᠴᠢᠨᠠᠷ ᠰᠠᠶᠢᠲᠠᠶ | ᠬᠥᠭᠵᠢᠯᠲᠡ ᠳᠤ ᠨᠠᠩ ᠰᠠᠶᠢᠲᠤᠷ ᠦᠢᠯᠡᠴᠢᠯᠡᠬᠦ ᠬᠡᠷᠡᠭᠲᠡᠶ᠃ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂ ᠠᠵᠤ | ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠬᠡᠷᠡᠭᠲᠡᠢ᠃ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠶᠢᠨ ᠰᠢᠨ᠎ᠡ ᠴᠢᠨᠠᠷ ᠪᠦᠬᠦᠢ ᠳᠠᠶᠢᠴᠢᠨ ᠬᠦᠴᠦᠨ ᠢ ᠳᠡᠭᠡᠭᠰᠢᠯᠡᠭᠦᠯᠬᠦ ᠢᠨᠵᠧᠨᠧᠷᠢᠩ ᠢ ᠭᠦᠨᠵᠡᠭᠡᠶ ᠠᠬᠢᠭᠤᠯᠵᠤ᠂ ᠳᠣᠲᠣᠭᠠᠳᠤ ᠶᠢ | ᠬᠠᠮᠠᠭᠠᠯᠠᠬᠤ ᠠᠵᠢᠯ ᠤᠨ ᠰᠢᠨ᠎ᠡ ᠬᠤᠪᠢᠰᠤᠯᠲᠠ ᠶᠢ ᠠᠬᠢᠭᠤᠯᠬᠤ ᠬᠡᠷᠡᠭᠲᠡᠶ᠃ ᠨᠠᠮ ᠤᠨ ᠤᠳᠤᠷᠢᠳᠤᠯᠭ᠎ᠠ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠨᠠᠮ ᠤᠨ | ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠲᠡᠮᠦᠷ ᠴᠡᠷᠢᠭ ᠢ ᠳᠠᠪᠲᠠᠨ ᠪᠣᠯᠪᠠᠰᠤᠷᠠᠭᠤᠯᠬᠤ ᠬᠡᠷᠡᠭᠲᠡᠢ | ᠴᠢᠬᠤᠯᠠᠴᠢᠯᠠᠪᠠ᠃ |