2 ᠰᠠᠷ᠎ᠠ ᠶᠢᠨ 26 ᠤ ᠡᠳᠦᠷ᠂ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠠᠮᠢ ᠠᠬᠤᠶ | ᠣᠷᠴᠢᠨ ᠲᠣᠭᠤᠷᠢᠨ ᠢᠳᠡᠭᠡᠨ ᠤᠮᠳᠠᠭᠠᠨ ᠡᠮ ᠤᠨ ᠵᠦᠢᠯ ᠤᠨ ᠶᠠᠯᠠᠲᠤ ᠬᠡᠷᠡᠭ ᠲᠤᠷᠰᠢᠨ ᠪᠠᠶᠢᠴᠠᠭᠠᠬᠤ ᠶᠡᠭᠡ ᠠᠩᠭᠢ ᠶᠢᠨ ᠠᠷᠠᠳ ᠤᠨ ᠴᠠᠭᠳᠠᠭ᠎ᠠ ᠬᠠᠪᠰᠤᠷᠤᠭᠴᠢ | ᠴᠠᠭᠳᠠᠭ᠎ᠠ ᠬᠠᠲᠤᠨ ᠭᠤᠤᠯ ᠤᠨ ᠦᠬᠠᠶ ᠶᠢᠨ ᠬᠡᠰᠡᠭ ᠢᠶᠠᠷ ᠲᠣᠭᠤᠷᠢᠨ ᠪᠠᠶᠢᠴᠠᠭᠠᠯᠲᠠ ᠬᠢᠵᠦ᠂ ᠨᠡᠭᠦᠳᠡᠯ ᠤᠨ ᠰᠢᠪᠠᠭᠤᠳ ᠤᠨ ᠨᠡᠭᠦᠳᠡᠯᠯᠡᠵᠦ ᠪᠠᠶᠢᠭ᠎ᠠ ᠪᠠᠶᠢᠳᠠᠯ ᠢ | ᠴᠢᠩᠭ᠎ᠠ ᠬᠢᠨᠠᠨ ᠡᠵᠡᠮᠳᠡᠵᠦ᠂ ᠬᠡᠭᠡᠷ᠎ᠡ ᠶᠢᠨ ᠠᠮᠢᠲᠠᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠰᠠᠬᠢᠨ ᠬᠠᠮᠠᠭᠠᠯᠠᠪᠠ᠃ | | | | | | ᠬᠠᠶᠢᠨᠠᠨ ᠲᠣᠭᠤᠷᠢᠭ ᠤᠨ ᠪᠠᠶᠠᠨᠳᠤᠬᠠᠢ ᠪᠠᠯᠭᠠᠰᠤᠨ ᠤ ᠶᠠᠩ ᠯᠦ ᠵᠢᠩ ᠲᠣᠰᠬᠤᠨ ᠳᠤ᠂ ᠠᠮᠢ ᠠᠬᠤᠶ ᠣᠷᠴᠢᠨ ᠲᠣᠭᠤᠷᠢᠨ ᠢᠳᠡᠭᠡᠨ ᠤᠮᠳᠠᠭᠠᠨ ᠡᠮ ᠤᠨ | ᠵᠦᠢᠯ ᠤᠨ ᠶᠠᠯᠠᠲᠤ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠭᠢ ᠶᠢᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠷ ᠬᠠᠷᠬᠢᠷ᠎ᠠ ᠶᠢᠨ ᠣᠭᠲᠠᠷᠭᠤᠢ ᠳᠤ | ᠬᠠᠯᠢᠨ ᠳᠡᠭᠦᠯᠢᠵᠦ᠂ ᠰᠦᠷᠦᠭᠯᠡᠨ ᠢᠳᠡᠰᠢ ᠡᠷᠢᠵᠦ ᠪᠠᠶᠢᠬᠤ ᠶᠢ ᠣᠯᠵᠤ ᠬᠠᠷᠠᠪᠠ᠃ ᠬᠠᠷᠬᠢᠷ᠎ᠠ ᠪᠣᠯ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠠᠮᠢᠲᠠᠨ᠂ | ᠲᠡᠳᠡ ᠨᠡᠭᠦᠳᠡᠯ ᠤᠨ ᠵᠠᠮ ᠳᠤ ᠪᠠᠨ ᠶᠡᠷᠦ ᠳᠤ ᠪᠠᠨ ᠢᠳᠡᠰᠢ ᠡᠯᠪᠡᠭ᠂ ᠨᠠᠮ ᠰᠡᠯᠡᠭᠦᠨ ᠦᠩ ᠰᠢᠮᠡᠯᠢᠭ ᠲᠠᠯ᠎ᠠ ᠭᠠᠵᠠᠷ᠂ ᠡᠪᠡᠰᠦᠲᠦ ᠲᠠᠯ᠎ᠠ᠂ ᠬᠡᠭᠡᠷ᠎ᠡ ᠲᠠᠯ᠎ᠠ ᠵᠡᠷᠭᠡ | ᠭᠠᠵᠠᠷ ᠢ ᠰᠣᠩᠭᠤᠵᠤ ᠲᠦᠷ ᠠᠮᠠᠷᠠᠳᠠᠭ᠃ ᠲᠣᠰ ᠤᠳᠠᠭᠠᠨ ᠤ ᠬᠢᠨᠠᠨ ᠬᠡᠮᠵᠢᠯᠲᠡ ᠳᠤ᠂ ᠠᠮᠢ ᠠᠬᠤᠶ ᠣᠷᠴᠢᠨ ᠲᠣᠭᠤᠷᠢᠨ ᠢᠳᠡᠭᠡᠨ ᠤᠮᠳᠠᠭᠠᠨ ᠡᠮ ᠤᠨ ᠵᠦᠢᠯ ᠤᠨ | ᠶᠠᠯᠠᠲᠤ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠭᠢ ᠶᠢᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠪᠠᠶᠠᠨᠳᠤᠬᠠᠢ ᠪᠠᠯᠭᠠᠰᠤᠨ ᠤ ᠣᠶᠢᠷ᠎ᠠ ᠬᠤᠪᠢ ᠳᠤ | ᠮᠢᠩᠭ᠎ᠠ ᠰᠢᠬᠠᠮ ᠪᠣᠷᠣ ᠬᠠᠷᠬᠢᠷ᠎ᠠ ᠶᠢ ᠣᠯᠵᠤ ᠬᠠᠷᠠᠪᠠ᠃ ᠦᠨᠡᠨ ᠳᠤ ᠪᠠᠨ᠂ ᠪᠣᠷᠣ ᠲᠣᠭᠤᠷᠦᠦ ᠠᠳᠡ ᠢᠷᠡᠵᠦ ᠲᠦᠷ ᠠᠮᠠᠷᠠᠬᠤ ᠨᠢ ᠠᠶᠠᠨᠳᠠᠭᠠᠨ ᠤ ᠶᠠᠪᠤᠳᠠᠯ ᠪᠣᠯᠣᠨ᠎ᠠ᠃ | ᠤᠢᠢᠷ᠎ᠠ ᠶᠢᠨ ᠵᠢᠯ ᠤᠳ ᠲᠤ᠂ ᠦᠬᠠᠢ ᠬᠤᠳᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ︽ᠠᠮᠢ ᠠᠬᠤᠢ ᠶᠢᠨ ᠴᠠᠭᠳᠠᠭᠠᠨ ᠤ ᠶᠠᠪᠤᠳᠠᠯ︾ ᠢ ᠭᠦᠨᠵᠡᠭᠡᠢ | ᠬᠡᠷᠡᠭᠵᠢᠭᠦᠯᠵᠦ᠂ ᠴᠣᠬᠢᠯᠲᠠ ᠥᠭᠬᠦ᠂ ᠰᠡᠷᠭᠡᠶᠢᠯᠡᠬᠦ᠂ ᠵᠠᠰᠠᠬᠤ᠂ ᠬᠠᠮᠠᠭᠠᠯᠠᠬᠤ᠂ ᠤᠬᠠᠭᠤᠯᠬᠤ ᠶᠡᠷᠦᠩᠬᠡᠶᠢᠯᠡᠭᠰᠡᠨ ᠠᠷᠭ᠎ᠠ ᠪᠤᠳᠤᠯᠭ᠎ᠠ ᠶᠢ ᠬᠡᠷᠡᠭᠵᠢᠭᠦᠯᠵᠦ᠂ ᠬᠠᠳᠤᠨ ᠭᠤᠣᠯ | ᠳᠠᠭᠠᠤ ᠶᠢᠨ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠳᠤ ᠳᠣᠲᠣᠭᠠᠳᠤ ᠶᠢ ᠬᠠᠮᠠᠭᠠᠯᠠᠬᠤ ᠬᠦᠴᠦᠨ ᠴᠢᠳᠠᠯ ᠢᠶᠠᠨ ᠡᠷᠭᠦᠵᠡᠢ᠃ | | | | ᠣᠷᠴᠢᠮᠬᠠᠨ᠂ ᠬᠠᠪᠤᠷ ᠤᠨ ᠠᠭᠤᠷ ᠣᠷᠣᠭᠰᠠᠨ ᠦᠬᠠᠶ ᠨᠠᠭᠤᠷ ᠲᠤ ᠨᠡᠭᠦᠳᠡᠯ ᠤᠨ ᠰᠢᠪᠠᠭᠤᠳ ᠤᠨ ᠨᠡᠭᠦᠳᠡᠯ ᠤᠨ ᠣᠷᠭᠢᠯ ᠤᠨ ᠦᠶ᠎ᠡ ᠶᠢ ᠤᠭᠲᠤᠨ | ᠠᠪᠴᠢᠷᠠᠵᠤ᠂ ᠡᠯ᠎ᠡ ᠦᠵᠡᠮᠵᠢ ᠶᠢᠨ ᠣᠷᠣᠨ ᠤ ᠵᠤᠭᠠᠴᠠᠭᠰᠠᠳ ᠴᠤ ᠥᠩᠭᠡᠷᠡᠭᠰᠡᠨ ᠤ ᠬᠢ ᠠᠴᠠ ᠪᠠᠨ ᠣᠯᠠᠨ ᠪᠣᠯᠵᠠᠶ᠃ ᠤᠢᠢᠷ᠎ᠠ ᠶᠢᠨ ᠡᠳᠦᠷ ᠤᠳ ᠲᠤ᠂ ᠦᠬᠠᠢ | ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠢ ᠠᠬᠤᠶ ᠣᠷᠴᠢᠨ ᠲᠣᠭᠤᠷᠢᠨ ᠢᠳᠡᠭᠡᠨ ᠤᠮᠳᠠᠭᠠᠨ ᠡᠮ ᠤᠨ ᠵᠦᠢᠯ ᠤᠨ ᠶᠠᠯᠠᠲᠤ ᠬᠡᠷᠡᠭ ᠢ | ᠲᠤᠷᠰᠢᠨ ᠪᠠᠶᠢᠴᠠᠭᠠᠬᠤ ᠬᠤᠪᠢᠶᠠᠷᠢ ᠠᠩᠭᠢ ᠪᠣᠯᠤᠨ ᠪᠢᠨ ᠡᡁᠧ ᠶᠢᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠠᠷᠠᠳ ᠤᠨ ᠴᠠᠭᠳᠠᠭ᠎ᠠ | ᠬᠠᠪᠰᠤᠷᠤᠭᠴᠢ ᠴᠠᠭᠳᠠᠭ᠎ᠠ ᠦᠬᠠᠢ ᠨᠠᠭᠤᠷ ᠤᠨ ᠨᠢᠭᠡᠳᠦᠭᠡᠷ ᠭᠠᠷᠠᠮ ᠪᠣᠯᠤᠨ ᠨᠠᠭᠤᠷ ᠳᠠᠭᠠᠤ ᠵᠠᠮ ᠵᠡᠷᠭᠡ ᠭᠤᠣᠯᠳᠠᠯᠭ᠎ᠠ ᠲᠠᠢ ᠣᠷᠣᠨ ᠪᠦᠰᠡ ᠳᠤ ᠲᠣᠭᠤᠷᠢᠨ | ᠴᠠᠭᠳᠠᠵᠤ᠂ ᠬᠤᠳᠠ ᠶᠢᠨ ᠠᠷᠠᠳ ᠵᠤᠭᠠᠴᠠᠭᠰᠠᠳ ᠲᠠᠢ ᠲᠠᠭᠠᠷᠠᠯᠳᠤᠪᠠᠯ ᠬᠡᠭᠡᠷ᠎ᠡ ᠶᠢᠨ ᠠᠮᠢᠳᠠᠨ ᠢ ᠬᠠᠮᠠᠭᠠᠯᠠᠬᠤ ᠮᠡᠳᠡᠯᠭᠡ ᠶᠢ ᠴᠠᠭ ᠲᠤᠬᠠᠢ ᠳᠤ ᠨᠢ ᠤᠬᠠᠭᠤᠯᠵᠤ᠂ ᠨᠡᠩ | ᠤᠯᠠᠨ ᠬᠥᠮᠦᠨ ᠢ ᠲᠠᠶᠢᠴᠢᠯᠠᠨ ᠬᠡᠭᠡᠷ᠎ᠡ ᠶᠢᠨ ᠠᠮᠢᠳᠠᠨ ᠢ ᠬᠠᠮᠠᠭᠠᠯᠠᠬᠤ ᠠᠵᠢᠯ ᠳᠤ ᠣᠷᠤᠯᠴᠠᠭᠤᠯᠪᠠ᠃ |