ᠭᠠᠨᠵᠤᠭ᠎ᠠ ᠥᠷᠲᠡᠭᠡ ᠶᠢᠨ ᠲᠣᠮᠢᠯᠠᠭᠰᠠᠨ ᠰᠠᠯᠪᠤᠷᠢ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠨᠣᠮ ᠤᠨ ᠰᠠᠩ ᠤᠨ ᠬᠤᠪᠢᠶᠠᠷᠢ ᠰᠠᠩ ᠢ ᠪᠠᠶᠢᠭᠤᠯᠪᠠ
ᠨᠡᠶᠢᠲᠡᠯᠡᠭᠰᠡᠨ ᠴᠠᠭ᠄
2025/3/28
      ᠣᠶᠢᠷ᠎ᠠ ᠳᠤ᠂ ᠲᠦᠩᠯᠢᠶᠣᠤ ᠶᠢᠨ ᠲᠡᠮᠦᠷ ᠵᠠᠮ ᠤᠨ ᠳᠣᠲᠣᠭᠠᠳᠤ ᠶᠢ ᠬᠠᠮᠠᠭᠠᠯᠠᠬᠤ ᠭᠠᠵᠠᠷ ᠤᠨ ᠭᠠᠨᠵᠤᠭ᠎ᠠ ᠥᠷᠲᠡᠭᠡ ᠶᠢᠨ ᠲᠣᠮᠢᠯᠠᠭᠰᠠᠨ ᠰᠠᠯᠪᠤᠷᠢ ᠪᠣᠯᠤᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠨᠣᠮ ᠤᠨ ᠰᠠᠩ ᠤᠨ ᠬᠠᠮᠲᠤᠷᠠᠨ ᠪᠠᠶᠢᠭᠤᠯᠤᠭᠰᠠᠨ ᠬᠤᠪᠢᠶᠠᠷᠢ ᠰᠠᠩ ᠭᠠᠨᠵᠤᠭ᠎ᠠ ᠥᠷᠲᠡᠭᠡ ᠶᠢᠨ ᠲᠣᠮᠢᠯᠠᠭᠰᠠᠨ ᠰᠠᠯᠪᠤᠷᠢ ᠳᠤ ᠫᠠᠶᠢᠰᠠ ᠰᠡᠬᠦᠵᠦ ᠪᠠᠶᠢᠭᠤᠯᠤᠭᠳᠠᠨ᠂ ᠲᠡᠮᠦᠷ ᠵᠠᠮ ᠪᠣᠯᠤᠨ ᠣᠷᠣᠨ ᠨᠤᠲᠤᠭ ᠤᠨ ᠰᠣᠶᠣᠯ ᠢ ᠤᠯᠠᠮ ᠨᠢᠭᠡ ᠠᠯᠬᠤᠮ ᠬᠥᠭᠵᠢᠭᠦᠯᠵᠦ᠂ ᠴᠠᠭᠳᠠᠭ᠎ᠠ ᠠᠷᠠᠳ ᠤᠨ ᠰᠡᠳᠬᠢᠯ ᠬᠤᠯᠪᠣᠬᠤ ᠬᠥᠭᠦᠷᠭᠡ ᠶᠢ ᠪᠠᠶᠢᠭᠤᠯᠵᠤ᠂ ᠰᠢᠨ᠎ᠡ ᠴᠠᠭ ᠦᠶ᠎ᠡ ᠶᠢ ᠪᠦᠲᠦᠭᠡᠨ ᠪᠠᠶᠢᠭᠤᠯᠬᠤ ᠠᠮᠢᠵᠢᠷᠠᠯ ᠤᠨ ᠬᠦᠴᠦᠨ ᠢ ᠬᠥᠭᠵᠢᠭᠡᠪᠡ᠃
2.jpg
      ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠣᠶᠣᠯ ᠵᠢᠭᠤᠯᠴᠢᠯᠠᠯ ᠤᠨ ᠲᠣᠪᠴᠢᠶ᠎ᠠ ᠶᠢᠨ ᠳᠡᠳ᠋ ᠳᠠᠷᠤᠭ᠎ᠠ ᠦᠷᠡᠨᠭᠤᠸ᠎ᠠ᠂ ᠨᠣᠮ ᠤᠨ ᠰᠠᠩ ᠤᠨ ᠳᠠᠷᠤᠭ᠎ᠠ ᠪᠠᠶ ᠴᠦᠨ ᠬᠤᠶ ᠵᠢᠴᠢ ᠰᠣᠶᠣᠯ ᠵᠢᠭᠤᠯᠴᠢᠯᠠᠯ ᠤᠨ ᠲᠣᠪᠴᠢᠶ᠎ᠠ ᠶᠢᠨ ᠠᠵᠢᠯᠲᠠᠨ ᠭᠠᠨᠵᠤᠭ᠎ᠠ ᠥᠷᠲᠡᠭᠡ ᠶᠢᠨ ᠲᠣᠮᠢᠯᠠᠭᠰᠠᠨ ᠰᠠᠯᠪᠤᠷᠢ ᠳᠤ ᠨᠣᠮ ᠪᠡᠯᠡᠭᠯᠡᠭᠰᠡᠨ ᠪᠥᠭᠡᠳ ᠫᠠᠶᠢᠰᠠ ᠰᠡᠬᠦᠬᠦ ᠶᠣᠰᠣᠯᠠᠯ ᠳᠤ ᠣᠷᠣᠯᠴᠠᠪᠠ᠃ ᠬᠠᠮᠲᠤᠷᠠᠯᠴᠠᠭᠠᠨ ᠤ ᠪᠡᠯᠭᠡ ᠲᠡᠮᠳᠡᠭ ᠪᠣᠯᠤᠭᠰᠠᠨ ᠤᠯᠠᠭᠠᠨ ᠲᠣᠷᠭ᠎ᠠ ᠠᠯᠭᠤᠷ ᠢᠶᠠᠷ ᠳᠡᠯᠭᠡᠭᠳᠡᠵᠦ᠂ ᠲᠤᠬᠠᠶ ᠶᠢᠨ ᠲᠠᠯᠠᠪᠠᠶ ᠳᠤ ᠠᠯᠠᠭ᠎ᠠ ᠲᠠᠰᠢᠬᠤ ᠳᠠᠭᠤᠨ ᠨᠢᠵᠢᠭᠢᠨᠡᠵᠦ᠂ ᠡᠨᠡ ᠨᠢ ᠣᠷᠣᠨ ᠵᠠᠶ ᠶᠢᠨ ᠨᠡᠭᠡᠭᠡᠯᠲᠡ ᠪᠣᠯᠬᠤ ᠪᠠᠷ ᠪᠠᠷᠠᠬᠤ ᠥᠬᠡᠶ᠂ ᠨᠠᠩ ᠴᠤ ᠲᠡᠮᠦᠷ ᠵᠠᠮ ᠪᠣᠯᠤᠨ ᠣᠷᠣᠨ ᠨᠤᠲᠤᠭ ᠤᠨ ᠭᠠᠷ ᠬᠤᠯᠪᠣᠨ ᠬᠠᠮᠲᠤ ᠪᠠᠷ ᠪᠥᠲᠥᠭᠡᠨ ᠪᠠᠶᠢᠭᠤᠯᠬᠤ ᠰᠢᠨ᠎ᠡ ᠡᠬᠢᠯᠡᠯᠲᠡ ᠶᠢᠨ ᠴᠡᠭ ᠪᠣᠯᠵᠣ᠂ ᠴᠠᠭᠳᠠᠭ᠎ᠠ ᠠᠷᠠᠳ ᠤᠨ ᠰᠣᠶᠣᠯ ᠤᠨ ᠰᠣᠯᠢᠯᠴᠠᠭ᠎ᠠ ᠳᠤ ᠴᠣ᠋ ᠰᠢᠨ᠎ᠡ ᠵᠠᠮ ᠳᠡᠪᠢᠰᠴᠦ ᠥᠭᠭᠦᠭᠰᠡᠨ ᠪᠠᠶᠢᠨ᠎ᠠ᠃
6.jpg
      ᠣᠷᠳᠣᠨ ᠤ ᠳᠣᠲᠣᠷᠠᠬᠢ ᠪᠠᠶᠢᠷᠢᠰᠢᠯ ᠨᠠᠷᠢᠯᠢᠭ ᠰᠠᠶᠢᠬᠠᠨ᠂ ᠤᠩᠰᠢᠯᠭ᠎ᠠ ᠶᠢᠨ ᠰᠢᠷᠡᠭᠡ ᠰᠠᠨᠳᠠᠯᠢ ᠲᠠᠷᠢ ᠲᠡᠭᠰᠢ᠂ ᠨᠡᠷᠡᠨ ᠤ ᠭᠡᠷᠡᠯ ᠲᠤᠰᠴᠤ᠂ ᠮᠠᠰᠢ ᠲᠠᠭᠠᠯᠠᠮᠵᠢᠲᠠᠶ᠃ ᠨᠣᠮ ᠤᠨ ᠰᠠᠩ 300 ᠭᠠᠷᠤᠶ ᠨᠣᠮ ᠬᠠᠳᠠᠭᠠᠯᠠᠵᠤ᠂  ᠬᠠᠤᠯᠢ ᠴᠠᠭᠠᠵᠠ ᠶᠢᠨ ᠲᠤᠰᠬᠠᠶ ᠮᠡᠷᠭᠡᠵᠢᠯ ᠤᠨ ᠨᠣᠮ ᠪᠢᠴᠢᠭ ᠨᠢ ᠠᠷᠠᠳ ᠤᠨ ᠴᠠᠭᠳᠠᠭ᠎ᠠ ᠶᠢᠨ ᠲᠤᠬᠠᠶᠢᠯᠠᠭᠰᠠᠨ ᠠᠵᠢᠯ ᠳᠤ ᠪᠠᠨ ᠴᠢᠳᠠᠮᠠᠭᠠᠶ ᠪᠠᠶᠢᠬᠤ ᠳᠤ ᠬᠦᠴᠦᠨ ᠨᠡᠮᠡᠷᠢᠯᠡᠵᠦ᠂ ᠤᠳᠬ᠎ᠠ ᠵᠣᠬᠢᠶᠠᠯ ᠤᠨ ᠰᠢᠯᠢᠳᠡᠭ ᠪᠦᠲᠦᠭᠡᠯ ᠨᠢ ᠠᠷᠠᠳ ᠤᠨ ᠴᠠᠭᠳᠠᠭ᠎ᠠ ᠶᠢᠨ ᠰᠡᠳᠬᠢᠯ ᠰᠠᠨᠠᠭ᠎ᠠ ᠶᠢ ᠲᠠᠶᠢᠳᠬᠤᠷᠠᠭᠤᠯᠤᠨ᠎ᠠ︔ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠨᠣᠮ ᠨᠢ ᠠᠶᠠᠨᠴᠢᠳ ᠪᠠ ᠣᠯᠠᠨ ᠲᠦᠮᠡᠨ ᠤ ᠣᠶᠤᠨ ᠪᠢᠯᠢᠭ ᠢ ᠬᠤᠷᠴᠠᠯᠠᠵᠤ᠂ ᠬᠡᠦᠬᠡᠳ ᠤᠨ ᠵᠢᠷᠤᠭᠲᠤ ᠳᠡᠪᠲᠡᠷ ᠨᠢ ᠦᠨᠡᠨ ᠪᠣᠳᠠᠲᠠᠶ ᠬᠡᠦᠬᠡᠳ ᠤᠨ ᠳᠤᠷ᠎ᠠ ᠰᠣᠨᠢᠷᠬᠠᠯ ᠢ ᠲᠠᠲᠠᠪᠠ᠃ ᠨᠣᠮ ᠨᠢᠭᠡᠪᠦᠷᠢ ᠨᠢ ᠮᠡᠳᠡᠯᠭᠡ ᠶᠢᠨ ᠣᠴᠢ ᠮᠡᠲᠦ᠂ ᠣᠯᠠᠨ ᠡᠰᠢᠲᠦ ᠮᠡᠳᠡᠯᠭᠡ ᠰᠤᠷᠬᠤ ᠬᠦᠰᠡᠯ ᠡᠷᠡᠮᠡᠯᠵᠡᠯ ᠢ ᠬᠠᠩᠭᠠᠪᠠ᠃      ᠲᠣᠭᠤᠷᠢᠨ ᠦᠵᠡᠬᠦ ᠬᠤᠭᠤᠴᠠᠭᠠᠨ ᠳᠤ᠂ ᠭᠠᠨᠵᠤᠭ᠎ᠠ ᠥᠷᠲᠡᠭᠡ ᠶᠢᠨ ᠲᠣᠮᠢᠯᠠᠭᠰᠠᠨ ᠰᠠᠯᠪᠤᠷᠢ ᠶᠢᠨ ᠳᠠᠷᠤᠭ᠎ᠠ ᠸᠠᠩ ᠵᠧᠨ ᠪᠥᠬᠦ ᠠᠷᠠᠳ ᠤᠨ ᠴᠠᠭᠳᠠᠭ᠎ᠠ ᠶᠢ ᠲᠥᠯᠥᠭᠡᠯᠡᠨ ᠴᠢᠩ ᠰᠡᠳᠬᠢᠯ ᠤᠨ ᠲᠠᠯᠠᠷᠬᠠᠯ ᠢᠶᠠᠨ ᠢᠯᠡᠳᠬᠡᠪᠡ᠂ ᠨᠣᠮ ᠤᠨ ᠰᠠᠩ ᠪᠣᠯ ᠠᠷᠠᠳ ᠤᠨ ᠴᠠᠭᠳᠠᠭ᠎ᠠ ᠶᠢᠨ ︽ᠴᠠᠬᠢᠯᠭᠠᠨ ᠥᠷᠲᠡᠭᠡ︾ ᠪᠠᠶᠢᠵᠤ᠂ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠵᠦ ᠴᠢᠳᠠᠬᠤ ᠪᠠᠷ ᠪᠠᠷᠠᠬᠤ ᠥᠬᠡᠶ ᠪᠠᠰᠠ ᠴᠠᠭᠳᠠᠭ᠎ᠠ ᠠᠷᠠᠳ ᠤᠨ ᠬᠠᠷᠢᠴᠠᠭ᠎ᠠ ᠶᠢ ᠣᠶᠢᠷᠠᠲᠤᠭᠤᠯᠵᠤ᠂ ᠯᠠᠪᠲᠠᠶ ᠤᠯᠠᠮ ᠠᠴᠠ ᠤᠯᠠᠮ ᠰᠠᠶᠢᠨ ᠪᠣᠯᠭᠠᠵᠤ ᠴᠢᠳᠠᠨ᠎ᠠ᠃ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠨᠣᠮ ᠤᠨ ᠰᠠᠩ ᠤᠨ ᠳᠠᠷᠤᠭ᠎ᠠ ᠪᠠᠶ ᠴᠦᠨ ᠬᠤᠶ ᠴᠤ ᠲᠥᠯᠥᠪᠵᠢᠭᠦᠯᠭᠡ ᠶᠢᠨ ᠲᠤᠬᠠᠶ  ᠴᠢᠯᠦᠭᠡᠲᠡᠢ ᠶᠠᠷᠢᠯᠴᠠᠵᠤ᠂ ᠨᠣᠮ ᠪᠢᠴᠢᠭ ᠢ ᠤᠩᠰᠢᠭᠴᠢᠳ ᠤᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠦᠯᠦᠨ ᠠᠮᠢᠳᠤᠯᠢᠭ ᠢᠶᠠᠷ ᠰᠢᠨᠡᠳᠬᠡᠵᠦ᠂ ᠲᠣᠮᠢᠯᠠᠭᠰᠠᠨ ᠰᠠᠯᠪᠤᠷᠢ ᠲᠠᠢ ᠬᠠᠮᠲᠤᠷᠠᠨ ᠨᠣᠮ ᠬᠤᠪᠢᠶᠠᠯᠴᠠᠬᠤ᠂ ᠠᠮᠤᠷ ᠲᠦᠪᠰᠢᠨ ᠤ ᠲᠠᠶᠢᠯᠤᠮᠵᠢ ᠬᠢᠬᠦ᠂ ᠬᠠᠤᠯᠢ ᠴᠠᠭᠠᠵᠠ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠡᠷᠭᠡ ᠠᠵᠢᠯᠯᠠᠭ᠎ᠠ ᠶᠢ ᠥᠷᠨᠢᠭᠦᠯᠵᠦ᠂ ᠨᠣᠮ ᠤᠩᠰᠢᠬᠤ ᠠᠭᠤᠷ ᠠᠮᠢᠰᠬᠤᠯ ᠢ ᠭᠦᠨ ᠵᠤᠵᠠᠭᠠᠨ ᠪᠤᠢ ᠪᠣᠯᠭᠠᠨ᠎ᠠ ᠭᠡᠵᠦ ᠢᠯᠡᠳᠬᠡᠪᠡ᠃ ᠲᠤᠰ ᠤᠳᠠᠭᠠᠨ ᠤ ᠨᠣᠮ ᠤᠨ ᠰᠠᠩ ᠤᠨ ᠬᠤᠪᠢᠶᠠᠷᠢ ᠰᠠᠩ ᠤᠨ ᠪᠠᠶᠢᠭᠤᠯᠤᠭᠳᠠᠭᠰᠠᠨ ᠨᠢ ᠰᠢᠨ᠎ᠡ ᠡᠬᠢᠯᠡᠯᠲᠡ ᠪᠣᠯᠣᠨ᠎ᠠ᠂ ᠬᠤᠵᠢᠮ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠰᠣᠶᠣᠯ ᠢᠶᠠᠷ ᠬᠤᠯᠪᠣᠭᠠᠰᠤ ᠪᠣᠯᠭᠠᠨ᠂ ᠬᠦᠴᠦᠨ ᠴᠢᠳᠠᠯ ᠢᠶᠠᠨ ᠨᠢᠭᠲᠠᠷᠠᠭᠤᠯᠵᠤ᠂ ᠨᠡᠶᠢᠭᠡᠮ ᠤᠨ ᠡᠶ᠎ᠡ ᠵᠣᠬᠢᠴᠠᠩᠭᠤᠢ ᠬᠥᠭᠵᠢᠯᠲᠡ ᠳᠤ ᠬᠦᠴᠦᠨ ᠨᠡᠮᠡᠷᠢᠯᠡᠬᠦ ᠪᠣᠯᠤᠨ᠎ᠠ᠃ 
ᠢᠷᠡᠯᠲᠡ᠄ ᠲᠦᠩᠯᠢᠶᠣᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ