3 ᠳ᠋ᠤᠭᠠᠷ ᠰᠠᠷ᠎ᠠ ᠶᠢᠨ 17 ᠪᠣᠯᠣᠨ 21 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ | ᠨᠠᠮ ᠤᠨ ᠬᠤᠷᠢᠶ᠎ᠠ 2025 ᠣᠨ ᠤ 5 ᠳ᠋ᠤᠭᠠᠷ᠂ 6 ᠳ᠋ᠤᠭᠠᠷ ︵ᠥᠷᠭᠡᠳᠬᠡᠭᠰᠡᠨ︶ ᠬᠤᠷᠠᠯ ᠬᠤᠷᠠᠯᠳᠤᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠢ ᠰᠤᠳᠤᠯᠤᠨ ᠪᠠᠶᠢᠷᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠳᠡᠳ᠋ | ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶᠠᠨ ᠤ ᠱᠦᠵᠢ᠂ ᠲᠢᠩᠬᠢᠮ ᠤᠨ ᠳᠠᠷᠤᠭ᠎ᠠ ᠵᠧᠩ ᠭᠤᠸᠠᠩ ᠵᠣᠣ ᠬᠤᠷᠠᠯ ᠢ ᠡᠷᠭᠢᠯᠡᠭᠰᠡᠨ | ᠪᠥᠭᠡᠳ ᠶᠠᠷᠢᠶ᠎ᠠ ᠲᠠᠯᠪᠢᠪᠠ᠃ | | | | ᠬᠤᠷᠠᠯ ᠠᠴᠠ 3 ᠰᠠᠷ᠎ᠠ ᠶᠢᠨ 12 ᠤᠨ ᠡᠳᠦᠷ ᠤᠨ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 3 ᠳ᠋ᠤᠭᠠᠷ ᠰᠠᠷ᠎ᠠ ᠶᠢᠨ 14 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠵᠢᠴᠢ | ︽ᠪᠥᠬᠦ ᠨᠠᠮ ᠤᠨ ᠳᠣᠲᠣᠷ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ | ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠠᠯᠪᠠᠨ ᠲᠢᠩᠬᠢᠮ ᠤᠨ ︽ᠪᠦᠬᠦ ᠣᠷᠣᠨ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ | ᠬᠥᠮᠦᠵᠢᠯ ᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠦᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ | ᠲᠢᠩᠬᠢᠮ ᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠥᠰᠦᠯ︾ ᠢ ᠬᠢᠨᠠᠨ | ᠵᠥᠪᠯᠡᠵᠦ ᠪᠠᠲᠤᠯᠠᠪᠠ᠃ | ᠬᠤᠷᠠᠯ ᠠᠴᠠ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠡᠨᠡ | ᠵᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠮᠥᠨ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠪᠣᠯᠤᠨ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ | ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ | ᠵᠠᠰᠠᠬᠤ ᠣᠷᠣᠨ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠵᠤ᠂ ᠭᠤᠣᠯ ᠰᠡᠳᠦᠪ ᠲᠤ | ᠠᠩᠬᠠᠷᠤᠯ ᠢᠶᠠᠨ ᠲᠥᠪᠯᠡᠷᠡᠭᠦᠯᠬᠦ᠂ ᠳᠥᠭᠦᠮ ᠳᠥᠲᠡ ᠪᠣᠳᠠᠲᠠᠢ ᠶᠢ ᠡᠷᠬᠢᠮᠯᠡᠬᠦ᠂ ᠡᠳᠦᠷ ᠲᠤᠳᠤᠮ ᠤᠨ ᠠᠵᠢᠯ ᠳᠤ ᠪᠠᠨ ᠠᠭᠤᠰᠤᠯᠴᠠᠭᠤᠯᠬᠤ᠂ ᠪᠠᠶᠢᠩᠭᠤ ᠠᠳᠬᠤᠬᠤ ᠶᠢ | ᠪᠠᠷᠢᠮᠲᠠᠯᠠᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠢᠶᠠᠷ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠵᠤ᠂ ᠦᠨᠡᠨ ᠪᠣᠳᠠᠲᠠᠢ ᠦᠷ᠎ᠡ ᠪᠦᠲᠦᠮᠵᠢ | ᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠳᠤ | ︽ᠪᠣᠳᠠᠲᠠᠶᠢᠵᠢᠭᠤᠯᠬᠤ︾ ᠳᠡᠭᠡᠷ᠎ᠡ ᠬᠦᠴᠦ ᠲᠠᠯᠪᠢᠵᠤ᠂ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠲᠠᠢ | ᠨᠢᠭᠲᠠ ᠤᠶᠠᠯᠳᠤᠭᠤᠯᠵᠤ᠂ ᠰᠤᠷᠤᠯᠴᠠᠵᠦ ᠪᠠᠶᠢᠴᠠᠭᠠᠨ ᠵᠠᠯᠠᠷᠠᠭᠤᠯᠬᠤ ᠡᠯ᠎ᠡ ᠵᠦᠢᠯ ᠤᠨ ᠠᠵᠢᠯ ᠢ ᠨᠢᠭᠡ ᠴᠤᠬᠴᠠᠵᠢᠭᠤᠯᠤᠨ ᠠᠬᠢᠭᠤᠯᠵᠤ᠂ ᠰᠤᠷᠤᠯᠴᠠᠪᠠᠯ ᠴᠢᠨᠠᠷ | ᠰᠠᠶᠢᠲᠠᠢ ᠪᠠᠶᠢᠬᠤ᠂ ᠪᠠᠶᠢᠴᠠᠭᠠᠪᠠᠯ ᠡᠷᠴᠢᠮ ᠲᠠᠢ ᠪᠠᠶᠢᠬᠤ᠂ ᠥᠭᠡᠷᠡᠴᠢᠯᠡᠪᠡᠯ ᠦᠷ᠎ᠡ ᠪᠦᠲᠦᠮᠵᠢᠲᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ᠂ ᠡᠭᠦᠳᠡ ᠪᠠᠨ ᠨᠡᠭᠡᠭᠡᠵᠦ ᠬᠥᠮᠦᠵᠢᠯ ᠬᠢᠵᠦ᠂ ᠲᠢᠩᠬᠢᠮ ᠤᠨ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠲᠦᠷᠦᠭᠦᠯᠡᠨ | ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠡᠮᠦᠨ᠎ᠡ ᠹᠷᠣᠨᠲ ᠲᠤ ᠭᠦᠨᠵᠡᠭᠡᠶᠢᠷᠡᠨ ᠪᠠᠶᠢᠳᠠᠯ ᠢ ᠪᠠᠶᠢᠴᠠᠭᠠᠨ ᠰᠤᠳᠤᠯᠵᠤ᠂ ᠠᠷᠠᠳ ᠤᠯᠠᠨ ᠤ ᠪᠠᠴᠢᠮ ᠲᠤᠯᠭᠠᠮ ᠬᠦᠴᠢᠷ | ᠵᠣᠪᠠᠭᠤᠷᠢ ᠪᠠ ᠦᠨᠳᠦᠰᠦᠨ ᠱᠠᠲᠤᠨ ᠤ ᠪᠠᠴᠢᠮ ᠰᠢᠢᠳᠪᠦᠷᠢᠯᠡᠬᠦ ᠴᠢᠬᠤᠯᠠᠲᠠᠢ ᠲᠤᠪᠤᠶᠢᠮ᠎ᠠ ᠠᠰᠠᠭᠤᠳᠠᠯ ᠢ ᠦᠨᠡᠨ ᠬᠦ ᠲᠣᠳᠣᠷᠬᠠᠢ ᠣᠶᠢᠯᠠᠭᠠᠵᠤ᠂ ᠬᠠᠨᠳᠤᠯᠭᠠᠲᠤ | ᠴᠢᠨᠠᠷᠲᠠᠢ ᠪᠠᠷ ᠰᠤᠳᠤᠯᠤᠨ ᠰᠢᠢᠳᠪᠦᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ |