ᠶᠠᠮᠠᠷᠪᠠ ᠴᠠᠭ ᠲᠤ ᠭᠡᠰᠡᠨ ᠴᠤ ᠶᠠᠯᠠᠲᠤ ᠬᠡᠷᠡᠭᠲᠡᠨ ᠬᠠᠤᠯᠢ ᠶᠢᠨ ᠰᠢᠢᠳᠬᠡᠯ ᠠᠴᠠ ᠳᠤᠲᠠᠭᠠᠵᠤ ᠴᠢᠳᠠᠬᠤ ᠦᠭᠡᠢ᠃ ᠨᠢᠭᠡ ᠡᠷᠡᠭᠲᠡᠢ ᠭᠢᠨᠳᠠᠨ ᠤ ᠡᠭᠦᠳᠡᠨ ᠠᠴᠠ | ᠭᠠᠷᠤᠮᠠᠭᠴᠠ ᠪᠠᠶᠠᠨᠨᠠᠭᠤᠷ ᠬᠤᠲᠠ ᠶᠢᠨ ᠯᠢᠨ ᠾᠧ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠠᠷᠠᠳ ᠤᠨ ᠴᠠᠭᠳᠠᠭ᠎ᠠ ᠳᠤ | ᠪᠠᠷᠢᠭᠳᠠᠪᠠ᠃ | | | | 2 ᠰᠠᠷ᠎ᠠ ᠶᠢᠨ 27 ᠤ ᠡᠳᠦᠷ ᠪᠣᠯ ᠪᠠᠶᠠᠨᠨᠠᠭᠤᠷ ᠬᠤᠲᠠ ᠶᠢᠨ ᠭᠢᠨᠳᠠᠨ ᠤ ᠬᠤᠷᠢᠭᠳᠠᠵᠤ ᠪᠠᠶᠢᠭ᠎ᠠ ᠵᠣᠣ ᠣᠪᠣᠭᠲᠤ ᠶᠢᠨ ᠡᠷᠡᠭᠦᠦ ᠶᠢᠨ ᠬᠤᠭᠤᠴᠠᠭ᠎ᠠ | ᠳᠠᠭᠤᠰᠴᠤ ᠰᠤᠯᠠᠯᠠᠭᠳᠠᠭᠰᠠᠨ ᠡᠳᠦᠷ ᠪᠣᠯᠤᠨ᠎ᠠ᠃ ᠭᠡᠲᠡᠯ᠎ᠡ ᠲᠡᠭᠦᠨ ᠢ ᠬᠦᠯᠢᠶᠡᠵᠦ ᠪᠠᠶᠢᠭ᠎ᠠ ᠨᠢ ᠡᠷᠬᠡ ᠴᠢᠯᠥᠭᠡ ᠪᠢᠰᠢ᠂ ᠬᠠᠷᠢᠨ ᠯᠢᠨ ᠾᠧ ᠲᠣᠭᠤᠷᠢᠭ ᠤᠨ | ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠰᠢᠨᠬᠤᠸᠠ ᠪᠠᠯᠭᠠᠰᠤᠨ ᠤ ᠬᠤᠶᠠᠳᠤᠭᠠᠷ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠳᠤ | ᠪᠠᠷᠢᠭᠳᠠᠭᠰᠠᠨ ᠪᠠᠶᠢᠨ᠎ᠠ᠃ ᠣᠶᠢᠷ᠎ᠠ ᠳᠤ᠂ ᠯᠢᠨ ᠾᠧ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠰᠢᠨᠬᠤᠸᠠ ᠪᠠᠯᠭᠠᠰᠤᠨ ᠤ | ᠬᠤᠶᠠᠳᠤᠭᠠᠷ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠡᠳᠦᠷ ᠲᠤᠲᠤᠮ ᠤᠨ ᠠᠵᠢᠯ ᠤᠨ ᠳᠤᠮᠳᠠ ᠪᠠᠨ ᠮᠡᠳᠡᠭᠡ ᠵᠠᠩᠭᠢ ᠶᠢᠨ ᠰᠦᠯᠵᠢᠶᠡᠨ ᠤ ᠶᠠᠯᠠᠲᠤ | ᠠᠵᠢᠯᠯᠠᠭ᠎ᠠ ᠶᠢ ᠬᠠᠪᠰᠤᠷᠤᠨ ᠰᠦᠯᠵᠢᠶᠡᠨ ᠳᠡᠭᠡᠷ᠎ᠡ ᠳᠤᠲᠠᠭᠠᠵᠤ ᠪᠠᠶᠢᠭ᠎ᠠ ᠬᠥᠮᠦᠨ ᠳᠤ ᠵᠢᠭᠰᠠᠭᠠᠭᠳᠠᠭᠰᠠᠨ ᠵᠣᠣ ᠣᠪᠣᠭᠲᠤ ᠤᠳᠠᠯ ᠦᠭᠡᠢ ᠡᠷᠡᠭᠦᠦ ᠶᠢᠨ | ᠬᠤᠭᠤᠴᠠᠭ᠎ᠠ ᠨᠢ ᠳᠠᠭᠤᠰᠴᠤ ᠰᠤᠯᠠᠯᠠᠭᠳᠠᠬᠤ ᠪᠠᠷ ᠪᠠᠶᠢᠬᠤ ᠶᠢ ᠣᠯᠵᠤ ᠮᠡᠳᠡᠵᠡᠢ᠃ ᠵᠣᠣ ᠣᠪᠣᠭᠲᠤ ᠶᠢᠨ ᠡᠷᠡᠭᠦᠦ ᠶᠢᠨ ᠬᠤᠭᠤᠴᠠᠭ᠎ᠠ ᠨᠢ ᠳᠠᠭᠤᠰᠴᠤ | ᠰᠤᠯᠠᠯᠠᠭᠳᠠᠭᠰᠠᠨ ᠤ ᠳᠠᠷᠠᠭ᠎ᠠ ᠳᠤᠲᠠᠭᠠᠵᠤ ᠵᠠᠶᠢᠯᠠᠬᠤ ᠠᠴᠠ ᠰᠡᠷᠭᠡᠢᠯᠡᠬᠦ ᠶᠢᠨ ᠲᠥᠯᠥᠭᠡ᠂ ᠯᠢᠨ ᠾᠧ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ | ᠲᠣᠪᠴᠢᠶ᠎ᠠ ᠪᠠᠶᠠᠨᠨᠠᠭᠤᠷ ᠬᠤᠲᠠ ᠶᠢᠨ ᠭᠢᠨᠳᠠᠨ ᠲᠠᠢ ᠰᠠᠨᠠᠭᠠᠴᠢᠯᠠᠭ᠎ᠠ ᠠᠴᠠ ᠪᠠᠨ ᠨᠢᠭᠲᠠ ᠨᠡᠪᠲᠡᠷᠡᠯᠴᠡᠨ ᠵᠤᠬᠢᠴᠠᠭᠤᠯᠵᠤ᠂ 2 ᠰᠠᠷ᠎ᠠ ᠶᠢᠨ 27 ᠤ ᠡᠳᠦᠷ ᠵᠣᠣ | ᠣᠪᠣᠭᠲᠤ ᠶᠢᠨ ᠡᠷᠡᠭᠦᠦ ᠶᠢᠨ ᠬᠤᠭᠤᠴᠠᠭ᠎ᠠ ᠳᠠᠭᠤᠰᠴᠤ ᠰᠤᠯᠠᠯᠠᠭᠳᠠᠭᠰᠠᠨ ᠡᠳᠦᠷ᠂ ᠠᠷᠠᠳ ᠤᠨ ᠴᠠᠭᠳᠠᠭ᠎ᠠ ᠨᠢᠭᠡᠨᠲᠡ ᠭᠢᠨᠳᠠᠨ ᠤ ᠡᠭᠦᠳᠡᠨ ᠳᠤ ᠲᠡᠭᠦᠨ ᠢ ᠬᠦᠯᠢᠶᠡᠵᠤ | ᠪᠠᠶᠢᠯ᠎ᠠ᠃ ᠵᠤᠤ ᠣᠪᠣᠭᠲᠤ ᠭᠢᠨᠳᠠᠨ ᠤ ᠡᠭᠦᠳᠡ ᠪᠠᠷ ᠭᠠᠷᠬᠤ ᠭᠡᠵᠦ ᠪᠠᠶᠢᠭ᠎ᠠ ᠲᠡᠷᠡ ᠮᠥᠴᠡ ᠳᠤ᠂ ᠬᠦᠯᠢᠶᠡᠵᠦ ᠪᠠᠶᠢᠭᠰᠠᠨ ᠠᠷᠠᠳ ᠤᠨ ᠴᠠᠭᠳᠠᠭ᠎ᠠ ᠲᠡᠷᠡ ᠳᠣᠣᠷ᠎ᠠ ᠨᠢ | ᠲᠡᠭᠦᠨ ᠢ ᠪᠠᠷᠢᠪᠴᠢᠯᠠᠪᠠ᠃ ᠣᠳᠣᠬᠠᠨ ᠳᠤ᠂ ᠶᠠᠯ᠎ᠠ ᠬᠢᠭᠰᠡᠨ ᠰᠡᠵᠢᠭᠳᠡᠨ ᠵᠣᠣ ᠣᠪᠣᠭᠲᠤ ᠨᠢᠭᠡᠨᠲᠡ ᠦᠬᠠᠨ ᠬᠤᠲᠠ ᠶᠢᠨ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠳᠤ ᠠᠮᠤᠷ ᠲᠦᠪᠰᠢᠨ ᠢᠶᠠᠷ ᠰᠢᠯᠵᠢᠭᠦᠯᠦᠨ ᠲᠤᠰᠢᠶᠠᠭᠰᠠᠨ ᠪᠠᠶᠢᠨ᠎ᠠ᠃ | | |