ᠴᠠᠰᠤ ᠰᠢᠭᠤᠷᠭᠠᠨ ᠳᠤ ᠠᠷᠠᠳ ᠤᠨ ᠴᠠᠭᠳᠠᠭ᠎ᠠ ︽ᠲᠡᠷᠭᠡ︾ ᠲᠦᠯᠬᠢᠵᠦ ᠬᠠᠯᠠᠭᠤᠮᠰᠤᠭ ᠦᠢᠯᠡᠴᠢᠯᠡᠭᠡ ᠬᠠᠩᠭᠠᠪᠠ
ᠨᠡᠶᠢᠲᠡᠯᠡᠭᠰᠡᠨ ᠴᠠᠭ᠄
2025/4/14
    ᠡᠨᠡ ᠵᠢᠯ ᠤᠨ ᠪᠢᠳᠡᠭᠦᠨ᠂ ᠰᠢᠨ᠎ᠡ ᠶᠢᠨ ᠨᠢᠭᠡᠨ ᠳᠤ ᠴᠠᠰᠤ ᠣᠷᠣᠭᠰᠠᠨ ᠠᠴᠠ ᠪᠣᠯᠵᠤ᠂ ᠪᠦᠬᠦ᠋ᠢᠯᠡ ᠴᠠᠭᠠᠨ ᠰᠠᠷ᠎ᠠ ᠶᠢᠨ ᠠᠶᠠᠯᠠᠯ ᠳᠤ ᠠᠮᠤᠷ ᠲᠥᠪᠰᠢᠨ ᠤ ᠳᠠᠯᠳᠠ ᠭᠡᠮ ᠢ ᠠᠪᠴᠢᠷᠠᠵᠤ ᠥᠭᠪᠡ᠃ ᠡᠨᠡ ᠬᠦ ᠴᠠᠭ ᠮᠥᠴᠡ ᠳᠤ᠂ ᠲᠦᠩᠯᠢᠶᠣᠤ ᠬᠤᠲᠠ ᠶᠢᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠠᠵᠢᠯ ᠤᠨ ᠪᠠᠶᠢᠷᠢ ᠪᠠᠨ ᠢᠮᠠᠭᠲᠠ ᠪᠠᠲᠤ ᠰᠠᠬᠢᠵᠤ᠂ ᠬᠠᠷᠢᠶ᠎ᠠ ᠣᠷᠣᠨ ᠤ ᠣᠯᠠᠨ ᠲᠦᠮᠡᠨ ᠳᠤ ᠬᠠᠯᠠᠭᠤᠮᠰᠤᠭ ᠦᠢᠯᠡᠴᠢᠯᠡᠭᠡ ᠶᠢ ᠦᠨᠡᠨ ᠬᠦ ᠮᠡᠳᠡᠷᠡᠭᠦᠯᠪᠡ᠃
1.jpg   
    ᠣᠶᠢᠯᠠᠭᠠᠭᠰᠠᠨ ᠢᠶᠠᠷ᠂ 2025 ᠣᠨ ᠤ 1 ᠰᠠᠷ᠎ᠠ ᠶᠢᠨ 28 ᠤ ᠡᠳᠦᠷ ᠤᠨ 10 ᠴᠠᠭ 30 ᠮᠢᠨᠦ᠋ᠲ ᠤᠨ ᠦᠶ᠎ᠡ ᠪᠠᠷ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠠᠩ ᠱᠧᠩ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠲᠥᠭᠰᠢᠭᠦᠷᠢ ᠮᠡᠳᠡᠭᠦᠯᠦᠯᠳᠡ ᠶᠢ ᠰᠢᠢᠳᠪᠦᠷᠢᠯᠡᠭᠡᠳ ᠪᠤᠴᠠᠵᠤ ᠢᠷᠡᠬᠦ ᠵᠠᠮ ᠳᠡᠭᠡᠷ᠎ᠡ᠂ ᠬᠠᠷᠢᠶᠠᠲᠤ ᠣᠷᠣᠨ ᠤ ᠬᠤᠣᠰᠨᠠᠭᠤᠷ ᠭᠠᠴᠠᠭ᠎ᠠ ᠠᠴᠠ ᠬᠠᠷᠬᠤᠰᠤ ᠲᠣᠰᠬᠤᠨ ᠬᠦᠷᠬᠦ ᠵᠠᠮ ᠳᠡᠭᠡᠷ᠎ᠡ ᠴᠠᠰᠤ ᠬᠤᠷᠠᠭᠰᠠᠨ ᠠᠴᠠ ᠪᠣᠯᠵᠣ ᠲᠡᠷᠭᠡ ᠬᠦᠰᠭᠡ ᠤᠷᠤᠭᠰᠢᠯᠠᠵᠤ ᠲᠡᠶᠢᠯᠬᠦ ᠦᠭᠡᠢ ᠪᠠᠶᠢᠭ᠎ᠠ ᠪᠠᠶᠢᠳᠠᠯ ᠲᠠᠢ ᠲᠠᠭᠠᠷᠠᠯᠳᠤᠵᠤ᠂ ᠭᠦᠨ ᠵᠤᠵᠠᠭᠠᠨ ᠬᠤᠷᠠᠭᠰᠠᠨ ᠴᠠᠰᠤ ᠶᠢ ᠠᠷᠢᠯᠭᠠᠨ᠂ ᠬᠠᠰᠢᠭᠳᠠᠭᠰᠠᠨ ᠲᠡᠷᠭᠡ ᠬᠥᠰᠬᠡ ᠶᠢ ᠠᠮᠵᠢᠯᠲᠠ ᠲᠠᠢ ᠪᠠᠷ ᠬᠠᠪᠰᠤᠷᠤᠨ ᠬᠦᠴᠢᠷᠳᠡᠯ ᠠᠴᠠ ᠠᠩᠭᠢᠵᠢᠷᠠᠭᠤᠯᠪᠠ᠃
5.jpg   
    ᠴᠠᠭᠠᠨ ᠰᠠᠷ᠎ᠠ ᠶᠢᠨ ᠬᠤᠭᠤᠴᠠᠭᠠᠨ ᠳᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠠᠷᠢᠶᠠᠲᠤ ᠣᠷᠤᠨ ᠳᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠪᠠᠷ᠎ᠠ ᠪᠣᠯᠤᠨ ᠴᠠᠭᠳᠠᠭᠠᠨ ᠳᠡᠷᠭᠡ ᠨᠢ ᠭᠠᠵᠠᠷ ᠪᠣᠯᠭᠠᠨ ᠳᠤ ᠢᠯᠡᠷᠡᠨ᠂ ᠬᠠᠬᠢᠷ ᠬᠦᠢᠲᠡᠨ ᠳᠤ ᠠᠮᠤᠷ ᠲᠥᠪᠰᠢᠨ ᠤ ᠬᠠᠯᠠᠭᠤᠮᠰᠤᠭ ᠥᠩᠭᠡ ᠪᠣᠳᠤᠭ ᠢ ᠨᠡᠮᠡᠷᠢᠯᠡᠪᠡ᠃ 
ᠢᠷᠡᠯᠲᠡ᠄ ᠲᠥᠩᠯᠢᠶᠤᠤ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ