ᠬᠠᠪᠤᠷ ᠴᠠᠭ ᠤᠨ ᠠᠯᠬᠤᠭ᠎ᠠ ᠶᠢ ᠳᠠᠭᠠᠯᠳᠤᠨ ᠤᠯᠠᠭᠠᠨᠬᠠᠳᠠ ᠬᠤᠲᠠ ᠶᠢᠨ ᠠᠤᠬᠠᠨ ᠬᠤᠰᠢᠭᠤᠨ ᠤ ᠱᠠᠨ ᠸᠠᠨ ᠽᠢ ᠤᠰᠤᠨ ᠴᠥᠭᠦᠷᠥᠮ ᠠᠮᠢᠵᠢᠷᠠᠯ ᠤᠨ | ᠬᠦᠴᠦᠨ ᠢᠶᠠᠷ ᠪᠢᠯᠬᠠᠭᠰᠠᠨ ᠤᠯᠠᠷᠢᠯ ᠢ ᠤᠭᠲᠤᠨ ᠠᠪᠴᠢᠷᠠᠯ᠎ᠠ᠃ ᠰᠦᠷᠦᠭ ᠰᠦᠷᠦᠭ ᠨᠡᠭᠦᠳᠡᠯ ᠤᠨ ᠰᠢᠪᠠᠭᠤ ᠴᠥᠭᠦᠷᠦᠮ ᠤᠨ ᠤᠰᠤᠨ ᠳᠡᠭᠡᠷ᠎ᠡ ᠪᠦᠵᠢᠭᠯᠡᠵᠦ ᠬᠠᠪᠤᠷ | ᠢᠷᠡᠭᠰᠡᠨ ᠢ ᠲᠤᠩᠬᠠᠭᠯᠠᠨ᠎ᠠ᠃ | | | | ᠬᠤᠯᠠ ᠠᠴᠠ ᠢᠷᠡᠭᠰᠡᠨ ᠨᠡᠭᠦᠳᠡᠯ ᠤᠨ ᠰᠢᠪᠠᠭᠤᠳ ᠤᠨ ᠠᠮᠤᠷ ᠲᠦᠪᠰᠢᠨ ᠢᠶᠠᠷ ᠢᠳᠡᠰᠢ ᠡᠷᠢᠬᠦ ︽ᠬᠠᠩᠭᠠᠯᠭ᠎ᠠ ᠶᠢᠨ ᠥᠷᠲᠡᠭᠡ︾ ᠶᠢ ᠪᠠᠶᠢᠭᠤᠯᠬᠤ ᠶᠢᠨ | ᠲᠥᠯᠥᠭᠡ᠂ ᠠᠤᠬᠠᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠣᠰ ᠭᠠᠵᠠᠷ ᠤᠨ ᠬᠠᠪᠤᠷ ᠤᠨ ᠤᠯᠠᠷᠢᠯ ᠤᠨ ᠨᠡᠭᠦᠳᠡᠯ ᠤᠨ ᠰᠢᠪᠠᠭᠤ ᠶᠢ ᠬᠠᠮᠠᠭᠠᠯᠠᠬᠤ | ᠠᠵᠢᠯᠯᠠᠭ᠎ᠠ ᠶᠢᠨ ᠵᠢᠮ᠎ᠡ ᠶᠣᠰᠣ ᠲᠠᠢ ᠤᠶᠠᠯᠳᠤᠭᠤᠯᠤᠨ᠂ ᠨᠡᠭᠦᠳᠡᠯ ᠤᠨ ᠰᠢᠪᠠᠭᠤ ᠶᠢ ᠬᠠᠮᠠᠭᠠᠯᠠᠬᠤ ᠲᠤᠰᠬᠠᠶ ᠠᠵᠢᠯᠯᠠᠭ᠎ᠠ ᠶᠢ ᠴᠠᠭ ᠲᠤ ᠨᠢ ᠵᠣᠬᠢᠶᠠᠨ ᠪᠠᠶᠢᠭᠤᠯᠵᠤ᠂ | ᠨᠡᠭᠦᠳᠡᠯ ᠤᠨ ᠰᠢᠪᠠᠭᠤ ᠶᠢ ᠬᠠᠮᠠᠭᠠᠯᠠᠬᠤ ᠲᠣᠭᠤᠷᠢᠨ ᠪᠠᠶᠢᠴᠠᠭᠠᠯᠲᠠ ᠪᠠ ᠤᠬᠠᠭᠤᠯᠭ᠎ᠠ ᠶᠢ ᠴᠢᠩᠭᠠᠳᠬᠠᠨ᠂ ᠤᠮᠠᠷᠠᠲᠤ ᠶᠢᠨ ᠨᠡᠭᠦᠳᠡᠯ ᠤᠨ ᠰᠢᠪᠠᠭᠤᠨ ᠳᠤ | ︽ᠬᠠᠮᠠᠭᠠᠯᠠᠭᠴᠢ ᠰᠢᠬᠦᠷ︾ ᠢ ᠲᠤᠯᠭᠠᠭᠤᠷᠢᠯᠠᠵᠤ ᠥᠭᠪᠡ᠃ | ᠠᠤᠬᠠᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠴᠣᠬᠢᠯᠲᠠ ᠥᠭᠬᠦ ᠪᠠ ᠰᠡᠷᠭᠡᠶᠢᠯᠡᠬᠦ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠱᠠᠨ ᠸᠠᠨ | ᠽᠢ ᠤᠰᠤᠨ ᠴᠥᠭᠦᠷᠥᠮ᠂ ᠴᠢᠩ ᠱᠠᠨ ᠤᠰᠤᠨ ᠴᠥᠭᠦᠷᠥᠮ᠂ ᠤᠯᠠᠭᠠᠬᠤᠰᠤ ᠤᠰᠤᠨ ᠴᠥᠭᠦᠷᠥᠮ᠂ ᠯᠤᠤᠬ᠎ᠠ ᠶᠢᠨ ᠭᠤᠣᠯ ᠳᠠᠭᠠᠤ ᠵᠡᠷᠭᠡ ᠨᠡᠭᠦᠳᠡᠯ ᠤᠨ ᠰᠢᠪᠠᠭᠤ ᠶᠢᠨ | ᠨᠡᠭᠦᠳᠡᠯᠯᠡᠬᠦ ᠵᠠᠮ᠂ ᠨᠡᠭᠦᠳᠡᠯᠯᠡᠨ ᠠᠮᠠᠷᠠᠬᠤ ᠭᠠᠵᠠᠷ ᠲᠤ ᠪᠠᠶᠢᠩᠭᠤ ᠶᠢᠨ ᠴᠢᠨᠠᠷᠲᠠᠢ ᠲᠣᠭᠤᠷᠢᠨ ᠬᠠᠮᠠᠭᠠᠯᠠᠬᠤ᠂ ᠵᠢᠭᠰᠠᠭᠠᠨ ᠪᠠᠶᠢᠴᠠᠭᠠᠬᠤ ᠠᠵᠢᠯ ᠢ ᠭᠤᠣᠯᠳᠠᠯᠭ᠎ᠠ ᠲᠠᠢ | ᠥᠷᠨᠢᠭᠦᠯᠵᠦ᠂ ᠨᠡᠭᠦᠳᠡᠯ ᠤᠨ ᠰᠢᠪᠠᠭᠤ ᠶᠢᠨ ᠨᠡᠭᠦᠳᠡᠯ ᠤᠨ ᠪᠠᠶᠢᠳᠠᠯ ᠢ ᠴᠢᠩᠭ᠎ᠠ ᠬᠢᠨᠠᠨ ᠡᠵᠡᠮᠳᠡᠵᠦ᠂ ᠬᠠᠷᠢᠶ᠎ᠠ ᠣᠷᠣᠨ ᠤ ᠳᠣᠲᠣᠷᠠᠬᠢ ᠨᠡᠭᠦᠳᠡᠯ ᠤᠨ ᠰᠢᠪᠠᠭᠤ ᠶᠢᠨ | ᠣᠷᠣᠰᠢᠨ ᠠᠮᠢᠳᠤᠷᠠᠬᠤ ᠵᠢᠮ᠎ᠡ ᠶᠣᠰᠣ ᠵᠢᠴᠢ ᠲᠦᠷᠦᠯ ᠵᠦᠢᠯ᠂ ᠲᠤᠭ᠎ᠠ ᠬᠡᠮᠵᠢᠶ᠎ᠡ ᠶᠢ ᠲᠣᠳᠣᠷᠬᠠᠢ ᠣᠶᠢᠯᠠᠭᠠᠵᠤ᠂ ᠬᠤᠣᠷ ᠲᠠᠯᠪᠢᠬᠤ ᠪᠣᠶᠤ ᠲᠣᠣᠷ ᠲᠠᠲᠠᠬᠤ ᠵᠡᠷᠭᠡ | ᠨᠡᠭᠦᠳᠡᠯ ᠤᠨ ᠰᠢᠪᠠᠭᠤ ᠶᠢ ᠳᠤᠷ᠎ᠠ ᠪᠠᠷ ᠢᠶᠠᠨ ᠠᠩᠨᠠᠵᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠡᠭᠦᠰᠬᠦ ᠶᠢ ᠴᠢᠩᠭ᠎ᠠ ᠰᠡᠷᠭᠡᠶᠢᠯᠡᠪᠡ᠃ ᠡᠭᠦᠨ ᠤ ᠬᠠᠮᠲᠤ᠂ | ᠨᠡᠭᠦᠳᠡᠯ ᠤᠨ ᠰᠢᠪᠠᠭᠤ ᠶᠢ ᠬᠠᠮᠠᠭᠠᠯᠠᠬᠤ ᠤᠬᠠᠭᠤᠯᠭ᠎ᠠ ᠶᠢ ᠦᠷᠭᠦᠯᠵᠢᠯᠡᠨ ᠥᠷᠨᠢᠭᠦᠯᠵᠦ᠂ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠥᠨᠳᠡᠯᠡᠨ ᠪᠢᠴᠢᠭᠡᠰᠦ ᠶᠢ ᠡᠯᠭᠦᠬᠦ ᠪᠠᠷ | ᠳᠠᠮᠵᠢᠭᠤᠯᠤᠨ᠂ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠨᠡᠭᠦᠳᠡᠯ ᠤᠨ ᠰᠢᠪᠠᠭᠤ ᠶᠢ ᠬᠠᠮᠠᠭᠠᠯᠠᠬᠤ | ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠬᠤ ᠶᠢᠨ ᠬᠠᠮᠲᠤ ᠣᠯᠠᠨ ᠲᠦᠮᠡᠨ ᠳᠤ ᠰᠢᠪᠠᠭᠤ ᠶᠢ ᠬᠠᠶᠢᠷᠠᠯᠠᠬᠤ᠂ ᠰᠢᠪᠠᠭᠤ ᠶᠢ ᠬᠠᠮᠠᠭᠠᠯᠠᠬᠤ ᠮᠡᠳᠡᠯᠭᠡ ᠶᠢ ᠲᠠᠶᠢᠯᠪᠤᠷᠢᠯᠠᠨ | ᠤᠬᠠᠭᠤᠯᠵᠤ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠨᠡᠭᠦᠳᠡᠯ ᠤᠨ ᠰᠢᠪᠠᠭᠤᠳ ᠢ ᠬᠠᠮᠠᠭᠠᠯᠠᠬᠤ ᠠᠵᠢᠯᠯᠠᠭ᠎ᠠ ᠳᠤ ᠢᠳᠡᠪᠬᠢᠲᠡᠶ ᠤᠷᠤᠯᠴᠠᠭᠤᠯᠪᠠ᠃ | | | | ᠣᠶᠢᠷ᠎ᠠ ᠶᠢᠨ ᠵᠢᠯ ᠳᠤ᠂ ᠠᠤᠬᠠᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ | ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠬᠤ ᠶᠢ ᠳᠠᠭᠠᠯᠳᠤᠨ᠂ ᠡᠷᠬᠢᠨ ᠲᠣᠭᠤᠷᠢᠨ ᠤ ᠠᠮᠢ ᠠᠬᠤᠶ ᠶᠢᠨ ᠣᠷᠴᠢᠨ ᠲᠣᠭᠤᠷᠢᠨ ᠢᠯᠡᠳᠲᠡ ᠰᠠᠶᠢᠵᠢᠷᠠᠵᠤ᠂ | ᠨᠡᠭᠦᠳᠡᠯ ᠤᠨ ᠰᠢᠪᠠᠭᠤ ᠶᠢᠨ ᠲᠤᠭ᠎ᠠ ᠵᠢᠯ ᠳᠠᠷᠠᠭᠠᠯᠠᠨ ᠨᠡᠮᠡᠭᠳᠡᠭᠰᠡᠨ ᠢᠶᠠᠷ ᠪᠠᠷᠠᠬᠤ ᠦᠭᠡᠢ ᠡᠷᠭᠢᠨ ᠲᠣᠭᠤᠷᠢᠨ ᠤ ᠤᠷᠭᠤᠮᠠᠯ ᠤᠨ ᠬᠤᠴᠢᠯᠭ᠎ᠠ ᠴᠤ ᠢᠭᠴᠤ ᠰᠠᠬᠤᠯᠢᠭ | ᠪᠣᠯᠤᠭᠰᠠᠨ ᠪᠠᠶᠢᠨ᠎ᠠ᠃ ︵ᠠᠤᠬᠠᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠠᠢ ᠰᠢᠤᠸᠠᠢ ᠮᠢᠩ ᠮᠡᠳᠡᠭᠡᠯᠡᠪᠡ︶ | |