2 ᠳ᠋ᠤᠭᠠᠷ ᠰᠠᠷ᠎ᠠ ᠶᠢᠨ 8 ᠤ ᠦᠳᠡ ᠶᠢᠨ ᠡᠮᠦᠨ᠎ᠡ᠂ ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠶᠡᠷᠦᠩᠬᠡᠶᠢᠯᠡᠭᠰᠡᠨ ᠣᠷᠳᠣᠨ ᠳᠤ᠂ | ᠪᠤᠭᠤᠲᠤ ᠶᠢᠨ ᠳᠣᠲᠣᠭᠠᠳᠤ ᠶᠢ ᠬᠠᠮᠠᠭᠠᠯᠠᠬᠤ ᠲᠡᠷᠢᠭᠦᠨ ᠤ ᠨᠡᠶᠢᠲᠡᠯᠢᠭ ᠦᠢᠯᠡ ᠠᠵᠢᠯᠯᠠᠭ᠎ᠠ ᠶᠢ ᠤᠬᠠᠭᠤᠯᠤᠨ ᠲᠠᠶᠢᠯᠪᠤᠷᠢᠯᠠᠬᠤ ᠬᠤᠷᠠᠯ ︽ᠪᠣᠯᠣᠳ ᠬᠤᠲᠠ ᠶᠢᠨ | ᠡᠷᠡᠯᠬᠡᠭ ᠴᠠᠭᠳᠠᠭ᠎ᠠ ᠤᠷᠤᠭᠰᠢᠯᠠᠶ᠎ᠠ︾ ᠭᠡᠬᠦ ᠸᠢᠳᠢᠣ᠋ ᠤᠬᠠᠭᠤᠯᠭ᠎ᠠ ᠶᠢᠨ ᠹᠢᠯᠢᠮ ᠳᠤᠮᠳᠠ ᠬᠥᠰᠢᠭᠡ ᠪᠠᠨ ᠰᠡᠬᠦᠵᠦ᠂ 8 ᠠᠷᠠᠳ ᠤᠨ ᠴᠠᠭᠳᠠᠭ᠎ᠠ ᠪᠠᠷ ᠪᠦᠷᠢᠯᠳᠦᠭᠰᠡᠨ | ᠲᠡᠷᠢᠭᠦᠨ ᠤ ᠨᠡᠶᠢᠲᠡᠯᠢᠭ ᠦᠢᠯᠡ ᠠᠵᠢᠯᠯᠠᠭ᠎ᠠ ᠶᠢ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ | ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠡᠷᠡᠯᠬᠡᠭᠯᠡᠨ ᠲᠡᠮᠡᠴᠡᠵᠦ ᠬᠤᠪᠢ ᠨᠡᠮᠡᠷᠢ ᠦᠵᠡᠭᠦᠯᠦᠭᠰᠡᠨ ᠪᠣᠯᠣᠳ ᠬᠤᠲᠠ ᠶᠢᠨ ᠡᠷᠡᠯᠬᠡᠭ ᠴᠠᠭᠳᠠᠭ᠎ᠠ ᠶᠢᠨ | ᠥᠯᠢᠭᠡᠷ ᠢ ᠭᠦᠨ ᠰᠡᠳᠬᠢᠯᠭᠡ ᠲᠠᠢ ᠪᠠᠷ ᠶᠠᠷᠢᠪᠠ᠃ | | | | | | ᠡᠨᠡ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠬᠤᠷᠠᠯ ᠪᠣᠯ ᠲᠡᠷᠢᠭᠦᠨ ᠤ ᠨᠡᠶᠢᠲᠡᠯᠢᠭ ᠵᠢᠱᠢᠶ᠎ᠡ ᠶᠢ ᠮᠠᠭᠳᠠᠨ ᠤᠬᠠᠭᠤᠯᠬᠤ ᠪᠠ ᠤᠯᠠᠮᠵᠢᠯᠠᠨ ᠵᠠᠯᠭᠠᠮᠵᠢᠯᠠᠬᠤ | ᠶᠠᠪᠤᠳᠠᠯ ᠪᠣᠯᠤᠨ᠎ᠠ᠂ ᠪᠦᠬᠦ ᠬᠤᠳᠠ ᠶᠢᠨ ᠥᠷᠭᠡᠨ ᠤᠯᠠᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠲᠡᠷᠢᠭᠦᠨ ᠤ ᠨᠡᠶᠢᠲᠡᠯᠢᠭ | ᠵᠢᠱᠢᠶ᠎ᠡ ᠪᠠᠷ ᠳᠠᠭᠤᠷᠢᠶᠠᠯ ᠪᠣᠯᠭᠠᠵᠤ᠂ ᠲᠡᠳᠡᠨ ᠤ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠬᠦ᠂ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ | ᠰᠤᠷᠤᠯᠴᠠᠵᠤ᠂ ᠲᠡᠳᠡᠨ ᠤ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠵᠣᠷᠢᠭᠲᠠᠢ ᠪᠠᠷ ᠠᠵᠢᠯ ᠬᠢᠬᠦ ᠵᠠᠩ ᠰᠤᠷᠲᠠᠯ ᠢ ᠰᠤᠷᠤᠯᠴᠠᠵᠤ᠂ ᠤᠶᠤᠨ ᠰᠠᠨᠠᠭᠠᠨ ᠤ | ᠬᠦᠴᠦᠨ ᠢ ᠳᠣᠲᠣᠭᠠᠳᠤ ᠶᠢ ᠬᠠᠮᠠᠭᠠᠯᠠᠬᠤ ᠠᠵᠢᠯ ᠤᠨ ᠣᠳᠣᠬᠢᠴᠢᠯᠠᠯᠲᠠ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ | ᠤᠯᠤᠰ ᠤᠨ ᠠᠮᠤᠷ ᠲᠦᠪᠰᠢᠨ᠂ ᠨᠡᠶᠢᠭᠡᠮ ᠤᠨ ᠠᠮᠤᠷ ᠲᠣᠭᠲᠠᠭᠤᠨ᠂ ᠠᠷᠠᠳ ᠲᠦᠮᠡᠨ ᠤ ᠠᠮᠤᠷ ᠲᠣᠭᠲᠠᠭᠤᠨ ᠢ ᠬᠠᠮᠠᠭᠠᠯᠠᠬᠤ ᠳᠤ ᠪᠤᠭᠤᠲᠤ ᠶᠢᠨ ᠳᠣᠲᠣᠭᠠᠳᠤ ᠶᠢ | ᠬᠠᠮᠠᠭᠠᠯᠠᠬᠤ ᠪᠦᠬᠦ ᠬᠦᠴᠦᠨ ᠴᠢᠳᠠᠯ ᠢᠶᠠᠨ ᠡᠷᠭᠦᠵᠦ ᠬᠤᠪᠢ ᠨᠡᠮᠡᠷᠢ ᠦᠵᠡᠭᠦᠯᠬᠦ ᠪᠣᠯᠤᠨ᠎ᠠ᠃ | |