1 ᠳ᠋ᠦ᠋ᠭᠡᠷ ᠰᠠᠷ᠎ᠠ ᠶᠢᠨ 17 ᠤ ᠦᠳᠡ ᠶᠢᠨ ᠡᠮᠦᠨ᠎ᠡ᠂ ᠳᠣᠲᠣᠭᠠᠳᠤ ᠶᠢ ᠬᠠᠮᠠᠭᠠᠯᠠᠬᠤ ᠰᠣᠶᠣᠯ ᠤᠨ ᠰᠣᠯᠢᠯᠴᠠᠭ᠎ᠠ ᠶᠢ ᠤᠯᠠᠮ ᠨᠢᠭᠡ ᠠᠯᠬᠤᠮᠠᠬᠢᠭᠤᠯᠬᠤ᠂ | ᠴᠠᠭᠳᠠᠭᠠᠨ ᠤ ᠬᠦᠷᠢᠶᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ | ︽ᠨᠡᠷᠡᠲᠦ ᠤᠷᠠᠨ ᠪᠢᠴᠢᠯᠭᠡᠲᠡᠨ ᠴᠠᠭᠳᠠᠭᠠᠨ ᠤ ᠬᠦᠷᠢᠶᠡᠨ ᠳᠤ ᠭᠦᠨᠵᠡᠭᠡᠶᠢᠷᠡᠬᠦ︾ ᠠᠵᠢᠯᠯᠠᠭ᠎ᠠ ᠥᠷᠨᠢᠭᠦᠯᠪᠡ᠃ ᠬᠤᠲᠠ ᠶᠢᠨ ᠤᠳᠬ᠎ᠠ ᠤᠷᠠᠯᠢᠭ ᠤᠨ ᠬᠢᠨ ᠤ | ᠬᠤᠯᠪᠣᠭ᠎ᠠ᠂ ᠬᠤᠲᠠ ᠶᠢᠨ ᠤᠷᠠᠨ ᠪᠢᠴᠢᠯᠭᠡᠲᠡᠳ ᠤᠨ ᠨᠡᠶᠢᠭᠡᠮᠯᠢᠭ ᠤᠨ ᠤᠷᠢᠯᠭ᠎ᠠ ᠪᠠᠷ ᠲᠦᠷᠪᠡᠨ ᠨᠡᠷᠡᠲᠦ ᠤᠷᠠᠨ ᠪᠢᠴᠢᠯᠭᠡᠳᠡᠨ ᠢ ᠵᠣᠬᠢᠶᠠᠨ ᠪᠠᠶᠢᠭᠤᠯᠵᠤ᠂ | ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠲᠠᠢ ᠬᠠᠮᠲᠤ ᠪᠠᠷ ᠴᠠᠭᠠᠨ ᠰᠠᠷ᠎ᠠ ᠶᠢᠨ ᠪᠠᠶᠠᠷ ᠢ ᠤᠭᠳᠤᠨ᠂ ᠪᠢᠷ ᠪᠡᠬᠡᠰ ᠤᠨ | ᠭᠠᠶᠢᠬᠠᠮᠰᠢᠭ ᠢ ᠢᠯᠡᠷᠡᠭᠦᠯᠪᠡ᠃ | | | | ᠨᠡᠷᠡᠳᠦ ᠤᠷᠠᠨ ᠪᠢᠴᠢᠯᠭᠡᠳᠡᠨ ᠦᠬᠠᠢ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠢᠭᠡᠳᠦᠭᠡᠷ ᠳᠠᠪᠬᠤᠷᠯᠢᠭ ᠤᠨ ᠶᠡᠭᠡ ᠲᠢᠩᠬᠢᠮ ᠤᠨ ᠤᠷᠠᠨ | ᠪᠢᠴᠢᠯᠭᠡ ᠶᠢᠨ ᠦᠵᠡᠭᠦᠯᠭᠡ ᠶᠢ ᠲᠣᠭᠤᠷᠢᠨ ᠦᠵᠡᠵᠦ᠂ ᠳᠡᠯᠭᠡᠨ ᠦᠵᠡᠭᠦᠯᠵᠦ ᠪᠠᠶᠢᠭ᠎ᠠ ᠤᠷᠠᠨ ᠪᠢᠴᠢᠯᠭᠡ ᠶᠢᠨ ᠪᠦᠲᠦᠭᠡᠯ ᠳᠤ ᠲᠤᠰᠬᠠᠢ ᠮᠡᠷᠭᠡᠵᠢᠯ ᠤᠨ ᠦᠨᠡᠯᠡᠯᠲᠡ | ᠬᠢᠵᠦ᠂ ᠦᠬᠠᠢ ᠶᠢᠨ ᠳᠣᠲᠣᠭᠠᠳᠤ ᠶᠢ ᠬᠠᠮᠠᠭᠠᠯᠠᠬᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠤᠷᠠᠨ ᠪᠢᠴᠢᠯᠭᠡ ᠤᠷᠠᠨ ᠵᠢᠷᠤᠭ ᠤᠨ ᠠᠪᠢᠶᠠᠰᠯᠢᠭ | ᠬᠥᠮᠦᠰ ᠲᠠᠢ ᠤᠷ᠎ᠠ ᠮᠡᠷᠭᠡᠵᠢᠯ ᠢᠶᠠᠨ ᠰᠣᠯᠢᠯᠴᠠᠪᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠤᠷᠠᠨ ᠪᠢᠴᠢᠯᠭᠡᠳᠡᠨ ᠪᠢᠷ ᠪᠡᠬᠡᠰ ᠢᠶᠠᠷ ᠢᠶᠠᠨ ᠪᠦᠬᠦ | ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠳᠤ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠦ᠂ ᠭᠤᠶᠢᠳᠠ ᠰᠠᠶᠢᠬᠠᠨ | ᠤᠷᠠᠯᠢᠭ ᠢᠶᠠᠷ ᠬᠢᠷᠢ ᠪᠦᠲᠦᠮᠵᠢ ᠶᠢ ᠢᠯᠡᠷᠡᠭᠦᠯᠪᠡ᠃ | | | | ᠲᠤᠰ ᠤᠳᠠᠭᠠᠨ ᠤ ᠠᠵᠢᠯᠯᠠᠭ᠎ᠠ ᠳᠤ ᠪᠦᠬᠦ ᠴᠠᠭᠳᠠᠭ᠎ᠠ ᠶᠢᠨ ᠬᠢᠨ ᠨᠡᠷᠡᠲᠦ ᠤᠷᠠᠨ ᠪᠢᠴᠢᠯᠭᠡᠳᠡᠨ ᠲᠠᠢ ᠰᠠᠨᠠᠯ ᠢᠶᠠᠨ ᠰᠣᠯᠢᠯᠴᠠᠵᠤ᠂ ᠤᠯᠠᠮᠵᠢᠯᠠᠯᠲᠤ ᠤᠷᠠᠨ | ᠪᠢᠴᠢᠯᠭᠡ ᠶᠢᠨ ᠰᠣᠶᠣᠯ ᠤᠨ ᠥᠷᠭᠡᠨ ᠳᠡᠯᠭᠡᠷ ᠭᠦᠨ ᠭᠦᠨᠵᠡᠭᠡᠶ ᠠᠭᠤᠯᠭ᠎ᠠ ᠶᠢ ᠬᠠᠮᠲᠤ ᠪᠠᠷ ᠣᠶᠢᠯᠠᠭᠠᠨ᠂ ᠴᠠᠭᠠᠨ ᠰᠠᠷ᠎ᠠ ᠶᠢᠨ ᠪᠠᠶᠠᠷ ᠪᠣᠯᠬᠤ ᠭᠡᠵᠦ ᠪᠠᠶᠢᠭ᠎ᠠ | ᠦᠶ᠎ᠡ ᠳᠤ ᠴᠠᠭᠳᠠᠭᠠᠨ ᠤ ᠬᠤᠸᠠᠷᠠᠨ ᠳᠤ ᠥᠩᠭᠡ ᠦᠵᠡᠮᠵᠢ ᠨᠡᠮᠡᠷᠢᠯᠡᠭᠰᠡᠨ ᠪᠠᠶᠢᠨ᠎ᠠ᠃ | |