ᠨᠢᠩᠴᠧᠩ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠰᠤᠷᠭᠠᠭᠤᠯᠢ ᠶᠢᠨ ᠬᠦᠷᠢᠶᠡᠨ ᠤ ᠠᠮᠤᠷ ᠢ ᠬᠠᠮᠠᠭᠠᠯᠠᠬᠤ ᠠᠵᠢᠯ ᠢ ᠴᠢᠩᠭᠠᠳᠬᠠᠪᠠ
ᠨᠡᠶᠢᠲᠡᠯᠡᠭᠰᠡᠨ ᠴᠠᠭ᠄
2025/4/14
     ᠤᠯᠠᠭᠠᠨᠬᠠᠳᠠ ᠬᠤᠲᠠ ᠶᠢᠨ ᠨᠢᠩᠴᠧᠩ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠯ᠎ᠡ ᠲᠣᠮᠢᠯᠠᠭᠰᠠᠨ ᠰᠠᠯᠪᠤᠷᠢ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ᠂ ᠵᠥᠷᠢᠴᠡᠯ ᠵᠠᠭᠤᠷᠠᠯᠳᠤᠭᠠᠨ ᠢ ᠡᠶᠡᠳᠡᠭᠦᠯᠬᠦ ᠵᠡᠷᠭᠡ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠪᠠᠭᠰᠢ ᠰᠤᠷᠤᠭᠴᠢᠳ ᠤᠨ ᠠᠮᠤᠷ ᠲᠦᠪᠰᠢᠨ ᠢᠶᠠᠷ ᠰᠤᠷᠭᠠᠭᠤᠯᠢ ᠳᠤ ᠪᠠᠨ ᠢᠷᠡᠵᠦ ᠶᠠᠪᠤᠬᠤ ᠶᠢ ᠪᠥᠬᠦ ᠬᠦᠴᠦᠨ ᠢᠶᠠᠷ ᠢᠶᠠᠨ ᠬᠠᠮᠠᠭᠠᠯᠠᠪᠠ᠃
微信图片_20250225165957.jpg 
  
微信图片_20250225170012.jpg
     ᠠᠵᠢᠯ ᠤᠨ ᠳᠤᠮᠳᠠ᠂ ᠠᠷᠠᠳ ᠤᠨ ᠴᠠᠭᠳᠠᠭ᠎ᠠ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ︽ᠳᠥᠷᠪᠡᠨ 100%︾ ᠶᠢᠨ ᠱᠠᠭᠠᠷᠳᠠᠯᠭ᠎ᠠ ᠶᠢᠨ ᠲᠣᠭᠤᠷᠢᠨ ᠳᠤ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠳᠣᠭᠢᠷᠠᠭᠤᠯᠬᠤ᠂ ᠬᠢᠨᠠᠨ ᠡᠵᠡᠮᠳᠡᠭᠦᠷ ᠤᠨ ᠠᠵᠢᠯᠯᠠᠬᠤ᠂ ᠨᠢᠭᠡ ᠳᠠᠷᠤᠪᠴᠢ ᠪᠠᠷ ᠲᠦᠭᠰᠢᠭᠦᠷᠢ ᠮᠡᠳᠡᠭᠡᠯᠡᠬᠦ ᠲᠣᠨᠣᠭᠯᠠᠯ᠂ ᠬᠦᠴᠦᠷᠬᠡᠭᠯᠡᠯ ᠢ ᠰᠡᠷᠭᠡᠶᠢᠯᠡᠬᠦ ᠪᠠᠭᠠᠵᠢ ᠬᠡᠷᠡᠭᠰᠡᠯ ᠢ ᠬᠡᠷᠡᠭᠯᠡᠬᠦ ᠵᠢᠴᠢ ᠢᠳᠡᠭᠡᠨ ᠤᠮᠳᠠᠭᠠᠨ ᠤ ᠠᠮᠤᠷ ᠲᠦᠪᠰᠢᠨ ᠵᠡᠷᠭᠡ ᠪᠠᠶᠢᠳᠠᠯ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠵᠦ᠂ ᠢᠯᠡᠷᠡᠭᠦᠯᠦᠭᠰᠡᠨ ᠨᠡᠶᠢᠲᠡᠯᠢᠭ ᠴᠢᠨᠠᠷᠲᠠᠶ ᠠᠰᠠᠭᠤᠳᠠᠯ ᠳᠤ ᠴᠢᠭᠯᠡᠭᠦᠯᠦᠨ᠂ ︽ᠨᠢᠭᠡ ᠰᠤᠷᠭᠠᠭᠤᠯᠢ ᠨᠢᠭᠡ ᠲᠠᠩᠰᠠ ᠡᠪᠬᠡᠮᠡᠯ︾ ᠤᠨ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠪᠠᠶᠢᠭᠤᠯᠵᠤ᠂ ᠳᠠᠯᠳᠠ ᠬᠡᠮ ᠢ ᠬᠥᠳᠡᠯᠦᠩᠭᠦᠶ ᠪᠠᠷ ᠦᠭᠡᠶᠢᠰᠬᠡᠬᠦ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ᠂ ᠰᠤᠷᠭᠠᠭᠤᠯᠢ ᠶᠢᠨ ᠲᠤᠭᠤᠷᠢᠨ ᠤ ᠬᠤᠳᠠᠯᠳᠤᠭᠠᠨ ᠤ ᠳᠡᠯᠭᠡᠭᠦᠷ ᠤᠨ ᠭᠠᠯ ᠤᠨᠲᠠᠷᠠᠭᠠᠬᠤ ᠲᠥᠬᠦᠭᠡᠷᠦᠮᠵᠢ᠂ ᠠᠶᠤᠯ ᠦᠭᠡᠢ ᠵᠠᠮ ᠵᠡᠷᠭᠡ ᠳᠤ ᠪᠠᠶᠢᠴᠠᠭᠠᠯᠲᠠ ᠬᠢᠵᠦ᠂ ᠬᠤᠳᠠᠯᠳᠤᠭᠠᠴᠢᠳ ᠢ ᠰᠢᠮᠳᠠᠭᠤᠯᠵᠤ ᠪᠠᠶᠢᠭᠠᠳ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠡᠵᠡᠩᠨᠡᠯᠲᠡ ᠶᠢᠨ ᠲᠠᠯᠠᠪᠤᠷ ᠤᠨ ᠠᠮᠤᠷ ᠲᠦᠪᠰᠢᠨ ᠤ ᠲᠣᠮᠢᠯᠠᠭᠰᠠᠨ ᠰᠠᠯᠪᠤᠷᠢ ᠬᠢᠭᠡᠳ ︽ᠤᠯᠠᠭᠠᠨ ᠬᠠᠨᠴᠤᠶᠢᠲᠠᠨ︾ ᠤ ᠬᠠᠮᠲᠤᠷᠠᠨ ᠰᠡᠷᠭᠡᠶᠢᠯᠡᠬᠦ ᠠᠩᠭᠢ ᠯᠤᠭ᠎ᠠ ᠨᠢᠭᠲᠠ ᠬᠠᠮᠵᠢᠯᠴᠠᠬᠤ ᠶᠢ ᠦᠨᠡᠨ ᠬᠦ ᠪᠠᠲᠤᠯᠠᠵᠤ᠂ ᠰᠤᠷᠭᠠᠭᠤᠯᠢ ᠶᠢᠨ ᠬᠦᠷᠢᠶᠡᠨ ᠤ ᠵᠠᠭᠤᠷᠠᠯᠳᠤᠭᠠᠨ ᠢ ᠥᠨᠳᠥᠷ ᠪᠦᠲᠦᠮᠵᠢᠲᠡᠶ ᠪᠠᠷ ᠡᠶᠡᠳᠡᠭᠦᠯᠦᠨ᠂ ᠵᠥᠷᠢᠴᠡᠯ ᠮᠥᠷᠭᠦᠯᠳᠦᠭᠡᠨ ᠢ ᠴᠠᠭ ᠲᠤᠬᠠᠶ ᠳᠤ ᠨᠢ ᠦᠭᠡᠶᠢᠰᠭᠡᠵᠦ᠂ ᠰᠤᠷᠭᠠᠭᠤᠯᠢ ᠶᠢᠨ ᠬᠦᠷᠢᠶᠡᠨ ᠤ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠪᠠ᠃
ᠢᠷᠡᠯᠲᠡ᠄ ᠤᠯᠠᠭᠠᠨᠬᠠᠳᠠ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠤᠪᠴᠢᠶ᠎ᠠ