ᠤᠯᠠᠭᠠᠨᠬᠠᠳᠠ ᠬᠤᠲᠠ ᠶᠢᠨ ᠨᠢᠩᠴᠧᠩ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ | ᠡᠪᠦᠯ ᠤᠨ ᠤᠯᠠᠷᠢᠯ ᠤᠨ ᠨᠡᠶᠢᠭᠡᠮ ᠤᠨ ᠠᠮᠤᠷ ᠲᠦᠪᠰᠢᠨ ᠤ ᠲᠣᠭᠤᠷᠢᠨ ᠰᠡᠷᠭᠡᠶᠢᠯᠡᠬᠦ ᠬᠤᠶᠠᠳᠤᠭᠠᠷ ᠤᠳᠠᠭᠠᠨ ᠤ ᠲᠥᠪᠯᠡᠷᠡᠩᠭᠦᠶ ᠨᠢᠭᠡᠳᠦᠯᠲᠡᠶ ᠠᠵᠢᠯᠯᠠᠭ᠎ᠠ ᠶᠢ | ᠥᠷᠭᠦᠯᠵᠢᠯᠡᠨ ᠥᠷᠨᠢᠭᠦᠯᠵᠦ ᠪᠤᠢ᠃ ᠰᠢᠨ᠎ᠡ ᠵᠢᠯ ᠤᠨ ᠰᠢᠨ᠎ᠡ ᠶᠢᠨ ᠨᠢᠭᠡᠨ ᠤ ᠬᠤᠭᠤᠴᠠᠭᠠᠨ ᠳᠤ᠂ ᠨᠢᠩᠴᠧᠩ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ | ᠴᠠᠭᠳᠠᠭᠠᠨ ᠤ ᠬᠦᠴᠦᠨ ᠢ 602 ᠬᠥᠮᠦᠨ ᠤᠳᠠᠭ᠎ᠠ᠂ 164 ᠲᠡᠷᠭᠡ ᠬᠥᠰᠬᠡ ᠶᠢ ᠬᠦᠳᠡᠯᠭᠡᠨ᠂ ᠵᠠᠮ ᠬᠠᠷᠢᠯᠴᠠᠭᠠᠨ ᠤ ᠪᠠᠶᠢᠴᠠᠭᠠᠨ ᠡᠵᠡᠮᠳᠡᠬᠦ ᠴᠡᠭ 15 | ᠲᠣᠬᠢᠷᠠᠭᠤᠯᠵᠤ᠂ ᠰᠡᠵᠢᠭᠯᠡᠯᠲᠡᠶ ᠬᠥᠮᠦᠰ ᠢ 1360 ᠬᠥᠮᠦᠨ ᠤᠳᠠᠭ᠎ᠠ᠂ ᠭᠤᠤᠯᠳᠠᠯᠭ᠎ᠠ ᠲᠠᠢ ᠭᠠᠵᠠᠷ 35᠂ ᠭᠤᠤᠯᠳᠠᠯᠭ᠎ᠠ ᠲᠠᠢ ᠲᠠᠯᠠᠪᠤᠷ 85᠂ ᠵᠠᠮ ᠬᠠᠷᠢᠯᠴᠠᠭᠠᠨ ᠤ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ 300 ᠭᠠᠷᠤᠶ ᠪᠠᠶᠢᠴᠠᠭᠠᠨ ᠰᠢᠢᠳᠪᠦᠷᠢᠯᠡᠵᠦ᠂ ︽ᠱᠠᠯᠢᠭ ᠵᠠᠪᠬᠠᠶ ᠵᠤᠭᠤᠰ ᠮᠦᠷᠦᠶᠢᠴᠡᠬᠦ︾ ᠲᠥᠷᠥᠯ ᠤᠨ | ᠬᠡᠷᠡᠭ ᠢ 4 ᠪᠠᠶᠢᠴᠠᠭᠠᠨ ᠰᠢᠢᠳᠪᠦᠷᠢᠯᠡᠪᠡ᠃ | | | | | | | ᠰᠢᠨ᠎ᠡ ᠨᠢᠭᠡᠨ ᠵᠢᠯ ᠳᠤ᠂ ᠠᠮᠤᠷ ᠲᠦᠪᠰᠢᠨ ᠤ ᠬᠠᠭᠤᠳᠠᠰᠤ ᠶᠢ ᠦᠷᠭᠦᠯᠵᠢᠯᠡᠨ ᠪᠢᠴᠢᠭᠯᠡᠨ᠂ ᠰᠠᠬᠢᠨ ᠬᠠᠮᠠᠭᠠᠯᠠᠬᠤ ᠠᠯᠬᠤᠭ᠎ᠠ ᠶᠡᠷᠦ ᠠᠴᠠ ᠵᠣᠭᠰᠣᠭᠰᠠᠨ ᠦᠭᠡᠢ᠃ | ᠨᠢᠩᠴᠧᠩ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠡᠶᠢᠭᠡᠮ ᠤᠨ ᠠᠮᠤᠷ ᠲᠦᠪᠰᠢᠨ ᠤ ᠲᠣᠭᠤᠷᠢᠨ ᠰᠡᠷᠭᠡᠶᠢᠯᠡᠬᠦ ᠠᠵᠢᠯ ᠢ ᠦᠷᠭᠦᠯᠵᠢᠯᠡᠨ ᠴᠢᠩᠭᠠᠳᠬᠠᠵᠤ᠂ | ︽ᠡᠪᠦᠯ ᠤᠨ ᠤᠯᠠᠷᠢᠯ ᠤᠨ ᠠᠵᠢᠯᠯᠠᠭ᠎ᠠ︾ ᠶᠢ ᠭᠦᠨᠵᠡᠭᠡᠶ ᠠᠬᠢᠭᠤᠯᠵᠤ᠂ ᠰᠢᠨ᠎ᠡ ᠭᠠᠷᠤᠭ᠎ᠠ ᠳᠡᠭᠡᠷ᠎ᠡ ᠨᠠᠩ ᠥᠨᠳᠥᠷ ᠲᠦᠪᠰᠢᠨ ᠪᠥᠬᠦᠶ ᠠᠮᠤᠷ ᠠᠮᠤᠭᠤᠯᠠᠩ | ᠨᠢᠩᠴᠧᠩ ᠢ ᠪᠥᠲᠥᠭᠡᠨ ᠪᠠᠶᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠷᠠᠳ ᠲᠦᠮᠡᠨ ᠤ ᠲᠥᠯᠥᠭᠡ | ᠭᠡᠬᠦ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠦᠨ᠎ᠡ᠃ | | |