ᠬᠠᠩᠰᠢ ᠶᠢᠨ ᠠᠮᠠᠷᠠᠯᠲᠠ ᠶᠢᠨ ᠬᠤᠭᠤᠴᠠᠭᠠᠨ ᠳᠤ ᠵᠠᠮ ᠬᠠᠷᠢᠯᠴᠠᠭᠠᠨ ᠤ ᠠᠶᠤᠯ ᠦᠭᠡᠢ ᠰᠠᠭᠠᠳ ᠥᠬᠡᠶ ᠨᠡᠪᠲᠡᠷᠡᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ | ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠠᠴᠠ ᠲᠡᠷᠭᠡ ᠶᠠᠪᠤᠬᠤ ᠤᠳᠠᠭᠠᠨ | ᠪᠣᠯᠣᠮᠵᠢᠲᠠᠢ ᠵᠠᠮ ᠤᠨ ᠬᠡᠰᠡᠭ᠂ ᠴᠠᠭ ᠤᠨ ᠬᠡᠰᠡᠭ᠂ ᠠᠳᠡᠯ ᠤᠨ ᠳᠠᠯᠳᠠ ᠭᠡᠮ ᠤᠨ ᠬᠡᠰᠡᠭ᠂ ᠴᠠᠭ ᠠᠭᠤᠷ ᠤᠨ ᠪᠠᠶᠢᠳᠠᠯ᠂ ᠵᠠᠮ ᠬᠠᠷᠢᠯᠴᠠᠭᠠᠨ ᠤ ᠠᠮᠤᠷ | ᠲᠦᠪᠰᠢᠨ ᠤ ᠰᠠᠨᠠᠭᠤᠯᠤᠮᠵᠢ ᠵᠡᠷᠭᠡ ᠠᠭᠤᠯᠭ᠎ᠠ ᠶᠢ ᠨᠡᠶᠢᠲᠡᠯᠡᠵᠦ᠂ ᠠᠶᠠᠨᠴᠢᠳ ᠲᠤ ᠶᠠᠪᠤᠵᠤ ᠰᠠᠭᠤᠬᠤ ᠴᠠᠭ᠂ ᠵᠠᠮ ᠱᠤᠭᠤᠮ ᠪᠠ ᠠᠷᠭ᠎ᠠ ᠬᠡᠯᠪᠡᠷᠢ ᠶᠢ ᠵᠦᠶ | ᠵᠣᠬᠢᠰᠲᠠᠶ ᠰᠣᠩᠭᠤᠵᠤ᠂ ᠮᠠᠭᠤ ᠴᠠᠭ ᠠᠭᠤᠷ ᠢ ᠰᠡᠷᠭᠡᠶᠢᠯᠡᠵᠦ᠂ ᠠᠮᠤᠷ ᠲᠦᠪᠰᠢᠨ ᠢᠶᠠᠷ ᠵᠢᠯᠣᠭᠤᠳᠬᠤ᠂ ᠪᠣᠯᠪᠠᠰᠤᠨ ᠢᠶᠠᠷ ᠬᠠᠤᠯᠢ ᠶᠢ ᠰᠠᠬᠢᠬᠤ᠂ ᠠᠮᠤᠷ | ᠲᠦᠪᠰᠢᠨ ᠢᠶᠠᠷ ᠬᠡᠷ ᠲᠤ ᠪᠠᠨ ᠬᠠᠷᠢᠬᠤ ᠶᠢ ᠰᠠᠨᠠᠭᠤᠯᠪᠠ᠃ | ᠨᠢᠭᠡ᠂ ᠲᠡᠷᠭᠡ ᠪᠠᠨ ᠰᠠᠶᠢᠲᠤᠷ ᠪᠠᠶᠢᠴᠠᠭᠠᠨ ᠵᠠᠮ ᠱᠤᠭᠤᠮ ᠢ ᠤᠷᠢᠳᠴᠢᠯᠠᠨ ᠲᠥᠯᠥᠪᠯᠡᠬᠦ ᠬᠡᠷᠡᠭᠲᠡᠶ᠄ ᠠᠮᠠᠷᠠᠯᠲᠠ ᠶᠢᠨ ᠬᠤᠭᠤᠴᠠᠭᠠᠨ ᠳᠤ ᠥᠪᠡᠰᠦᠪᠡᠨ | ᠲᠡᠷᠭᠡ ᠵᠢᠯᠣᠭᠤᠳᠴᠤ ᠭᠠᠳᠠᠭᠰᠢ ᠶᠠᠪᠤᠬᠤ ᠠᠴᠠ ᠡᠮᠦᠨ᠎ᠡ᠂ ᠲᠡᠷᠭᠡᠨ ᠲᠣᠷᠣᠮᠰᠣᠯᠠᠭᠤᠷ᠂ ᠬᠦᠷᠳᠦ᠂ ᠳ᠋ᠧᠩ ᠵᠡᠷᠭᠡ ᠭᠤᠤᠯᠳᠠᠯᠭ᠎ᠠ ᠲᠠᠢ ᠬᠡᠰᠡᠭ ᠤᠨ ᠪᠠᠶᠢᠳᠠᠯ ᠢ | ᠰᠠᠶᠢᠲᠤᠷ ᠪᠠᠶᠢᠴᠠᠭᠠᠬᠤ ᠬᠡᠷᠡᠭᠲᠡᠶ︔ ᠴᠠᠭ ᠬᠤᠭᠤᠴᠠᠭ᠎ᠠ ᠪᠣᠯᠤᠨ ᠵᠠᠮ ᠱᠤᠭᠤᠮ ᠢᠶᠠᠨ ᠤᠷᠢᠳᠴᠢᠯᠠᠨ ᠲᠥᠯᠥᠪᠵᠢᠭᠦᠯᠵᠦ᠂ ᠴᠠᠭ ᠠᠭᠤᠷ ᠤᠨ ᠪᠠᠶᠢᠳᠠᠯ ᠢ ᠴᠠᠭ | ᠲᠤᠬᠠᠶ ᠳᠤ ᠨᠢ ᠠᠩᠬᠠᠷᠬᠤ ᠬᠡᠷᠡᠭᠲᠡᠶ᠃ | ᠬᠤᠶᠠᠷ᠂ ᠬᠠᠪᠤᠷ ᠤᠨ ᠤᠯᠠᠷᠢᠯ ᠳᠤ ᠶᠠᠳᠠᠷᠠᠭ᠎ᠠ ᠲᠠᠢ ᠲᠡᠷᠭᠡ ᠵᠢᠯᠣᠭᠤᠳᠬᠤ ᠶᠢ ᠪᠣᠯᠭᠤᠮᠵᠢᠯᠠᠬᠤ ᠬᠡᠷᠡᠭᠲᠡᠶ᠄ ᠲᠡᠷᠭᠡ ᠵᠢᠯᠣᠭᠤᠳᠬᠤ ᠶᠠᠪᠤᠴᠠ ᠳᠤ ᠶᠠᠳᠠᠷᠠᠬᠤ᠂ | ᠨᠣᠶᠢᠷᠮᠣᠭᠯᠠᠬᠤ ᠵᠡᠷᠭᠡ ᠪᠠᠶᠢᠳᠠᠯ ᠭᠠᠷᠪᠠᠯ᠂ ᠴᠠᠭ ᠲᠤᠬᠠᠶ ᠳᠤ ᠨᠢ ᠦᠢᠯᠡᠴᠢᠯᠡᠭᠡᠨ ᠤ ᠲᠣᠭᠤᠷᠢᠭ ᠲᠤ ᠬᠦᠷᠬᠦ ᠪᠤᠶᠤ ᠵᠠᠮ ᠠᠴᠠ ᠪᠠᠭᠤᠵᠤ ᠠᠮᠠᠷᠠᠬᠤ ᠭᠠᠵᠠᠷ ᠡᠷᠢᠵᠦ | ᠠᠮᠠᠷᠠᠭᠠᠷᠠᠶ᠃ | ᠭᠤᠷᠪᠠ᠂ ︽ᠶᠢᠰᠦᠨ ᠦᠰᠦᠭᠲᠦ ᠵᠤᠷᠰᠢᠯ︾ ᠢ ᠪᠠᠲᠤ ᠴᠡᠭᠡᠵᠢᠯᠡᠬᠦ ᠬᠡᠷᠡᠭᠲᠡᠶ᠄ ᠠᠳᠡᠯ ᠭᠠᠷᠬᠤ᠂ ᠲᠡᠷᠭᠡ ᠬᠥᠰᠬᠡ ᠶᠢᠨ ᠭᠡᠮᠲᠦᠯ ᠭᠠᠷᠬᠤ ᠵᠡᠷᠭᠡ ᠪᠠᠴᠢᠮ | ᠪᠠᠶᠢᠳᠠᠯ ᠭᠠᠷᠪᠠᠯ᠂ ︽ᠲᠡᠷᠭᠡ ᠪᠠᠨ ᠬᠥᠪᠡᠭᠡᠳᠡᠭᠦᠯᠵᠦ ᠵᠣᠭᠰᠣᠭᠠᠬᠤ ᠲᠤᠬᠠᠢ ᠶᠢᠨ ᠲᠠᠯᠠᠪᠠᠢ ᠠᠴᠠ ᠵᠠᠶᠢᠯᠠᠬᠤ ᠳᠠᠷᠤᠶ ᠲᠦᠭᠰᠢᠭᠦᠷᠢ ᠮᠡᠳᠡᠭᠦᠯᠬᠦ︾ ᠦᠨᠳᠦᠷ | ᠬᠤᠷᠳᠤ ᠶᠢᠨ ᠵᠠᠰᠠᠮᠠᠯ ᠵᠠᠮ ᠤᠨ ᠠᠮᠢ ᠪᠠᠲᠤᠯᠠᠬᠤ ︽ᠶᠢᠰᠦᠨ ᠦᠰᠦᠭᠲᠦ ᠵᠤᠷᠰᠢᠯ︾ ᠢ ᠪᠠᠲᠤ ᠴᠡᠭᠡᠵᠢᠯᠡᠬᠦ ᠬᠡᠷᠡᠭᠲᠡᠶ︔ ᠮᠠᠰᠢᠨ ᠲᠡᠷᠭᠡ ᠪᠠᠨ ᠪᠠᠴᠢᠮ ᠪᠠᠶᠢᠳᠠᠯ ᠢ | ᠠᠷᠭᠠᠴᠠᠬᠤ ᠵᠠᠮ ᠳᠤ ᠵᠣᠭᠰᠣᠭᠠᠭᠰᠠᠨ ᠤ ᠳᠠᠷᠠᠭ᠎ᠠ᠂ ︽ᠬᠤᠤᠰ ᠭᠢᠯᠪᠠᠭᠠᠨ ᠳ᠋ᠧᠩ︾ ᠢ ᠨᠡᠭᠡᠭᠡᠵᠦ᠂ ᠮᠠᠰᠢᠨ ᠲᠡᠷᠭᠡᠨ ᠤ 150 ᠮᠧᠲᠷ ᠠᠷᠤ ᠳᠤ ᠭᠤᠷᠪᠠᠯᠵᠢᠨ | ᠫᠠᠶᠢᠰᠠ ᠲᠠᠯᠪᠢᠵᠤ᠂ ᠪᠣᠶ ᠪᠥᠬᠦᠶ ᠬᠥᠮᠦᠰ ᠬᠡᠷᠡᠰᠬᠡ ᠶᠢᠨ ᠭᠠᠳᠠᠨ᠎ᠠ ᠭᠠᠷᠴᠤ᠂ ᠴᠠᠭᠳᠠᠭ᠎ᠠ ᠳᠤ ᠲᠥᠭᠰᠢᠭᠦᠷᠢ ᠮᠡᠳᠡᠭᠦᠯᠵᠦ ᠠᠪᠤᠷᠠᠨ ᠲᠤᠰᠠᠯᠠᠬᠤ ᠶᠢ ᠬᠦᠯᠢᠶᠡᠨ᠎ᠡ᠃ | ᠳᠥᠷᠪᠡ᠂ ᠲᠠᠷᠢᠶᠠᠯᠠᠬᠤ ᠮᠠᠯᠵᠢᠬᠤ ᠣᠷᠣᠨ ᠢᠶᠠᠷ ᠲᠡᠷᠭᠡ ᠪᠠᠷ ᠶᠠᠪᠤᠬᠤ ᠳᠤ ᠪᠠᠨ ᠪᠣᠯᠭᠤᠮᠵᠢᠲᠠᠶ ᠪᠠᠶᠢᠬᠤ ᠬᠡᠷᠡᠭᠲᠡᠶ᠄ ᠲᠠᠷᠢᠶᠠᠯᠠᠬᠤ ᠮᠠᠯᠵᠢᠬᠤ ᠣᠷᠣᠨ ᠤ | ᠵᠠᠮ ᠢᠶᠠᠷ ᠶᠠᠪᠤᠬᠤ ᠳᠤ ᠪᠠᠨ᠂ ᠵᠠᠮ ᠤᠨ ᠪᠠᠶᠢᠳᠠᠯ ᠤᠨ ᠬᠤᠪᠢᠷᠠᠯᠲᠠ ᠶᠢ ᠴᠠᠭ ᠢᠮᠠᠭᠲᠠ ᠠᠩᠬᠠᠷᠴᠤ᠂ ᠲᠡᠷᠭᠡ ᠣᠨᠤᠭ᠎ᠠ ᠮᠤᠷᠦ᠋ᠢᠬᠤ᠂ ᠨᠠᠯᠠᠤ ᠵᠠᠮ ᠢᠶᠠᠷ | ᠶᠠᠪᠤᠭᠤᠯᠬᠤ ᠳᠤ ᠪᠠᠨ ᠤᠳᠠᠭᠠᠨ ᠶᠠᠪᠤᠬᠤ ᠶᠢᠨ ᠬᠠᠮᠲᠤ ᠪᠦᠷᠢᠶ᠎ᠡ ᠪᠠᠷ ᠳᠠᠭᠤᠨ ᠳᠣᠬᠢᠶ᠎ᠠ ᠥᠭᠴᠦ᠂ ᠠᠳᠡᠯ ᠭᠠᠷᠬᠤ ᠠᠴᠠ ᠵᠠᠶᠢᠯᠠᠰᠬᠢᠬᠦ ᠬᠡᠷᠡᠭᠲᠡᠶ᠃ | ᠲᠠᠪᠤ᠂ ᠠᠶᠠᠨᠴᠢᠳ ᠤᠨ ᠲᠡᠷᠭᠡᠨ ᠳᠤ ᠰᠠᠭᠤᠵᠤ ᠭᠠᠳᠠᠭᠰᠢ ᠶᠠᠪᠤᠬᠤ ᠳᠤ᠂ ᠵᠢᠩᠬᠢᠨᠢ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠴᠢᠭ ᠲᠤ ᠣᠴᠢᠭᠠᠷᠠᠶ᠄ | ᠠᠮᠠᠷᠠᠯᠲᠠ ᠶᠢᠨ ᠬᠤᠭᠤᠴᠠᠭᠠᠨ ᠳᠤ ᠲᠡᠷᠭᠡᠨ ᠳᠤ ᠰᠠᠭᠤᠵᠤ ᠭᠠᠳᠠᠭᠰᠢ ᠭᠠᠷᠬᠤ ᠳᠤ᠂ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠴᠢᠭ ᠲᠤ ᠬᠦᠷᠴᠦ ᠬᠠᠤᠯᠢ | ᠶᠣᠰᠣᠨ ᠤ ᠲᠡᠭᠡᠭᠡᠪᠦᠷᠢ ᠶᠢᠨ ᠠᠶᠠᠨᠴᠢᠳ ᠤᠨ ᠲᠡᠷᠭᠡᠨ ᠳᠤ ᠰᠠᠭᠤᠬᠤ ᠪᠤᠶᠤ ᠬᠠᠤᠯᠢ ᠶᠣᠰᠣᠨ ᠤ ᠬᠢᠷᠢ ᠬᠡᠮ ᠲᠠᠢ ᠵᠢᠭᠤᠯᠴᠢᠯᠠᠯ ᠤᠨ ᠭᠠᠵᠠᠷ ᠪᠣᠯᠤᠨ ᠵᠢᠭᠤᠯᠴᠢᠯᠠᠯ ᠤᠨ | ᠳᠠᠭᠠᠭᠠᠴᠢᠯᠠᠭᠰᠠᠨ ᠲᠡᠷᠭᠡᠨ ᠳᠤ ᠰᠠᠭᠤᠬᠤ ᠶᠢ ᠰᠣᠩᠭᠤᠵᠤ᠂ ᠲᠡᠷᠭᠡᠨ ᠳᠤ ᠰᠠᠭᠤᠬᠤ ᠳᠤ ᠪᠠᠨ ᠡᠷᠬᠡᠪᠰᠢ ᠠᠶᠤᠯ ᠦᠭᠡᠢ ᠶᠢᠨ ᠪᠦᠰᠡ ᠪᠠᠨ ᠰᠠᠶᠢᠲᠤᠷ ᠪᠦᠰᠡᠯᠡᠵᠦ᠂ | ᠠᠶᠠᠨᠴᠢᠳ ᠤᠨ ᠲᠤᠭ᠎ᠠ ᠨᠢ ᠰᠠᠭᠤᠳᠠᠯ ᠤᠨ ᠲᠤᠭ᠎ᠠ ᠠᠴᠠ ᠬᠡᠲᠦᠷᠡᠭᠰᠡᠨ ᠠᠶᠠᠨᠴᠢᠳ ᠤᠨ ᠲᠡᠷᠭᠡ᠂ ︽ᠬᠠᠷ᠎ᠠ ᠲᠡᠷᠭᠡ︾ ᠳᠤ ᠰᠠᠭᠤᠬᠤ ᠶᠢ ᠡᠷᠡᠰ ᠰᠠᠭᠤᠬᠤ ᠦᠭᠡᠢ᠃ |