4 ᠳ᠋ᠦ᠋ᠭᠡᠷ ᠰᠠᠷ᠎ᠠ ᠶᠢᠨ 21 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ ᠰᠣᠨᠢᠨ ᠮᠡᠳᠡᠭᠡ ᠨᠡᠶᠢᠲᠡᠯᠡᠬᠦ ᠬᠤᠷᠠᠯ | ᠬᠤᠷᠠᠯᠳᠤᠭᠤᠯᠵᠤ᠂ ︽ᠦᠢᠯᠡᠴᠢᠯᠡᠭᠡᠨ ᠤ ᠦᠢᠯᠡᠰ ᠤᠨ ᠨᠡᠭᠡᠭᠡᠯᠲᠡ ᠶᠢ ᠥᠷᠭᠡᠳᠬᠡᠬᠦ ᠶᠡᠷᠦᠩᠬᠡᠶᠢᠯᠡᠭᠰᠡᠨ ᠲᠤᠷᠰᠢᠯᠲᠠ ᠶᠢᠨ ᠴᠡᠭ ᠤᠨ ᠠᠵᠢᠯ ᠢ ᠲᠦᠷᠭᠡᠳᠬᠡᠨ | ᠠᠬᠢᠭᠤᠯᠬᠤ ᠲᠥᠰᠥᠯ︾ ᠤᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ | ᠨᠢᠭᠡ ᠳᠤ᠂ ᠭᠤᠣᠯᠳᠠᠯᠭ᠎ᠠ ᠪᠣᠯᠬᠤ ᠠᠵᠢᠯ ᠤᠨ ᠬᠦᠷᠢᠶᠡᠨ ᠳᠠᠬᠢ ᠨᠡᠭᠡᠭᠡᠯᠲᠡ ᠶᠢ ᠠᠬᠢᠭᠤᠯᠤᠨ᠎ᠠ | ᠴᠠᠬᠢᠯᠭᠠᠨ ᠬᠤᠯᠪᠣᠭᠠᠨ ᠤ ᠬᠦᠷᠢᠶᠡᠨ ᠳᠤ᠂ ᠬᠡᠷᠡᠭᠯᠡᠯᠲᠡ ᠶᠢᠨ ᠳᠡᠯᠭᠡᠭᠦᠷ᠂ ᠢᠨᠲ᠋ᠧᠷ ᠰᠦᠯᠵᠢᠶᠡᠨ ᠳᠤ ᠵᠠᠯᠭᠠᠨ ᠣᠷᠣᠭᠤᠯᠬᠤ ᠵᠡᠷᠭᠡ ᠦᠢᠯᠡᠴᠢᠯᠡᠭᠡᠨ ᠤ | ᠲᠤᠬᠠᠶᠢᠯᠠᠭᠰᠠᠨ ᠠᠵᠢᠯ ᠳᠤ ᠬᠤᠯᠪᠣᠭᠳᠠᠬᠤ ᠭᠠᠳᠠᠭᠠᠳᠤ ᠪᠡᠯᠡ ᠶᠢᠨ ᠡᠵᠡᠯᠡᠬᠦ ᠰᠲ᠋ᠣᠺ ᠤᠨ ᠬᠠᠷᠢᠴᠠᠯ ᠤᠨ ᠬᠢᠵᠠᠭᠠᠷᠯᠠᠯ ᠢ ᠴᠤᠴᠠᠯᠬᠤ ᠵᠡᠷᠭᠡ ᠲᠤᠷᠰᠢᠯᠲᠠ ᠶᠢᠨ | ᠴᠡᠭ ᠤᠨ ᠡᠭᠦᠷᠭᠡ ᠶᠢ ᠳᠤᠷᠠᠳᠪᠠ᠃ | ᠡᠮᠴᠢᠯᠡᠭᠡᠨ ᠤ ᠬᠦᠷᠢᠶᠡᠨ ᠳᠤ᠂ ᠭᠠᠳᠠᠭᠠᠳᠤ ᠶᠢᠨ ᠬᠠᠷᠢᠶᠠᠲᠤ ᠡᠮᠴᠢ ᠨᠠᠷ ᠤᠨ ᠡᠮᠴᠢᠯᠡᠭᠡᠨ ᠤ ᠭᠠᠵᠠᠷ ᠪᠠᠶᠢᠭᠤᠯᠬᠤ ᠶᠢ ᠳᠡᠮᠵᠢᠬᠦ︔ ᠬᠢᠯᠢ ᠶᠢᠨ ᠭᠠᠳᠠᠨᠠᠬᠢ | ᠡᠮᠴᠢᠯᠡᠭᠡᠨ ᠤ ᠲᠤᠰᠬᠠᠢ ᠮᠡᠷᠭᠡᠵᠢᠯᠲᠡᠨ ᠣᠬᠤᠷ ᠬᠤᠭᠤᠴᠠᠭ᠎ᠠ ᠪᠠᠷ ᠠᠵᠢᠯ ᠡᠷᠬᠢᠯᠡᠬᠦ︔ ᠪᠡᠯᠡ ᠮᠥᠩᠭᠦ ᠬᠠᠨᠳᠢᠪᠯᠡᠬᠤ ᠠᠷᠭ᠎ᠠ ᠮᠠᠶ᠋ᠢᠭ ᠢᠶᠠᠷ ᠠᠰᠢᠭ ᠬᠤᠨᠵᠢᠪᠤᠷᠢ ᠶᠢᠨ | ᠪᠤᠰᠤ ᠡᠮᠴᠢᠯᠡᠭᠡᠨ ᠤ ᠪᠠᠶᠢᠭᠤᠯᠤᠮᠵᠢ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠡᠷᠭᠢᠯᠡᠬᠦ ᠶᠢ ᠵᠥᠪᠰᠢᠶᠡᠷᠡᠬᠦ︔ ᠬᠤᠪᠣᠷ ᠲᠣᠬᠢᠶᠠᠯᠳᠤᠬᠤ ᠡᠪᠡᠳᠴᠢᠨ ᠤ | ᠡᠮ ᠤᠨ ᠵᠦᠢᠯ ᠢ ᠭᠠᠳᠠᠭᠠᠳᠤ ᠠᠴᠠ ᠣᠷᠣᠭᠤᠯᠬᠤ ᠶᠢ ᠰᠤᠭᠤᠴᠢᠨ ᠪᠠᠶᠢᠴᠠᠭᠠᠬᠤ ᠬᠡᠪ ᠵᠠᠭᠪᠤᠷ ᠢ ᠰᠦᠪᠡᠭᠴᠢᠯᠡᠨ ᠰᠢᠯᠢᠳᠡᠭᠵᠢᠭᠦᠯᠬᠦ ᠵᠡᠷᠭᠡ ᠶᠢ ᠳᠤᠷᠠᠳᠪᠠ᠃ | ᠮᠥᠩᠭᠦᠨ ᠭᠦᠢᠯᠭᠡᠭᠡᠨ ᠤ ᠬᠦᠷᠢᠶᠡᠨ ᠳᠤ᠂ ᠤᠯᠠᠨ ᠤᠯᠤᠰ ᠤᠨ ᠪᠠᠲᠤᠯᠠᠨ ᠬᠠᠮᠢᠶᠠᠷᠬᠤ ᠲᠤᠬᠠᠶᠢᠯᠠᠭᠰᠠᠨ ᠠᠵᠢᠯ ᠢ ᠰᠦᠪᠡᠭᠴᠢᠯᠡᠨ ᠬᠥᠭᠵᠢᠭᠦᠯᠬᠦ ᠶᠢ ᠳᠡᠮᠵᠢᠬᠦ︔ | ᠢᠲᠡᠭᠡᠮᠵᠢ ᠶᠢᠨ ᠲᠠᠰ ᠲᠣᠭᠲᠠᠭᠠᠬᠤ ᠪᠠᠶᠢᠭᠤᠯᠤᠮᠵᠢ ᠨᠤᠭᠤᠳ ᠤᠨ ᠨᠣᠭᠤᠭᠠᠨ ᠵᠢᠭᠡᠯᠡᠯᠭᠡ ᠶᠢᠨ ᠲᠡᠮᠳᠡᠭᠲᠦ ᠶᠢᠨ ᠲᠠᠰ ᠲᠣᠭᠲᠠᠭᠠᠬᠤ ᠦᠢᠯᠡᠴᠢᠯᠡᠭᠡ ᠥᠷᠨᠢᠭᠦᠯᠬᠦ ᠶᠢ | ᠵᠣᠷᠢᠭᠵᠢᠭᠤᠯᠵᠤ᠂ ᠨᠥᠬᠦᠴᠡᠯ ᠳᠤ ᠨᠡᠶᠢᠴᠡᠬᠦ ᠪᠡᠯᠡ ᠲᠣᠬᠢᠷᠠᠭᠤᠯᠭ᠎ᠠ ᠶᠢᠨ ᠲᠦᠷᠢᠶᠡᠰᠦᠯᠡᠯ ᠤᠨ ᠺᠣᠮᠫᠠᠨᠢ ᠨᠤᠭᠤᠳ ᠤᠨ ᠨᠣᠭᠤᠭᠠᠨ ᠵᠢᠭᠡᠯᠡᠯᠭᠡ ᠶᠢᠨ ᠲᠡᠮᠳᠡᠭᠲᠦ | ᠲᠠᠷᠬᠠᠭᠠᠬᠤ ᠶᠢ ᠳᠡᠮᠵᠢᠬᠦ ᠵᠡᠷᠭᠡ ᠶᠢ ᠳᠤᠷᠠᠳᠪᠠ᠃ | ᠠᠷᠠᠯᠵᠢᠶ᠎ᠠ ᠬᠤᠳᠠᠯᠳᠤᠭ᠎ᠠ ᠰᠣᠶᠣᠯ ᠵᠢᠭᠤᠯᠴᠢᠯᠠᠯ ᠤᠨ ᠬᠦᠷᠢᠶᠡᠨ ᠳᠤ᠂ ᠭᠠᠳᠠᠭᠠᠳᠤ ᠶᠢᠨ ᠬᠤᠳᠠᠯᠳᠤᠭᠠᠴᠢᠨ ᠵᠢᠭᠤᠯᠴᠢᠯᠠᠯ ᠤᠨ ᠺᠣᠮᠫᠠᠨᠢ ᠳᠤ ᠪᠡᠯᠡ | ᠣᠷᠣᠭᠤᠯᠤᠨ ᠬᠢᠯᠢ ᠠᠴᠠ ᠭᠠᠷᠴᠤ ᠵᠢᠭᠤᠯᠴᠢᠯᠠᠬᠤ ᠲᠤᠬᠠᠶᠢᠯᠠᠭᠰᠠᠨ ᠠᠵᠢᠯ ᠡᠵᠡᠩᠨᠡᠬᠦ ᠶᠢ ᠨᠢ ᠵᠥᠪᠰᠢᠶᠡᠷᠡᠨ᠎ᠡ︔ ᠲᠢᠶᠠᠨᠵᠢᠨ ᠳᠤ ᠤᠯᠠᠮᠵᠢᠯᠠᠯᠲᠤ ᠰᠣᠩᠭᠤᠳᠠᠭ ᠮᠠᠰᠢᠨ | ᠲᠡᠷᠭᠡᠨ ᠤ ᠭᠠᠶᠢᠯᠢ ᠪᠠᠲᠤᠯᠠᠬᠤ ᠦᠵᠡᠭᠦᠯᠭᠡ ᠵᠢᠴᠢ ᠨᠠᠶᠢᠳᠠᠨ ᠬᠠᠮᠢᠶᠠᠷᠤᠭᠤᠯᠬᠤ ᠲᠤᠬᠠᠶᠢᠯᠠᠭᠰᠠᠨ ᠠᠵᠢᠯ ᠤᠨ ᠲᠤᠷᠰᠢᠯᠲᠠ ᠶᠢᠨ ᠴᠡᠭ ᠢ ᠳᠡᠮᠵᠢᠨ᠎ᠡ︔ ᠬᠠᠶᠢᠨᠠᠨ ᠳᠤ | ᠪᠥᠸᠧ ᠤᠤ ᠯᠧ ᠴᠧᠩ ᠤᠯᠠᠨ ᠤᠯᠤᠰ ᠤᠨ ᠡᠮᠴᠢᠯᠡᠭᠡᠨ ᠤ ᠵᠢᠭᠤᠯᠴᠢᠯᠠᠯ ᠤᠨ ᠤᠷᠢᠳ ᠢᠶᠠᠷ ᠬᠡᠷᠡᠭᠵᠢᠭᠦᠯᠬᠦ ᠲᠣᠭᠤᠷᠢᠭ ᠲᠤ ᠣᠨᠴᠠᠭᠠᠢ ᠡᠮᠴᠢᠯᠡᠭᠡᠨ ᠤ ᠢᠳᠡᠭᠡᠨ ᠪᠠ | ᠡᠷᠡᠭᠦᠯᠵᠢᠯ ᠤᠨ ᠢᠳᠡᠭᠡᠨ ᠢ ᠭᠠᠳᠠᠭᠠᠳᠤ ᠠᠴᠠ ᠣᠷᠣᠭᠤᠯᠵᠤ ᠬᠡᠷᠡᠭᠯᠡᠬᠦ ᠶᠢ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠶᠢ ᠲᠡᠮᠵᠢᠨ᠎ᠠ᠃ | ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠤ᠂ ᠴᠢᠩᠭᠡᠯᠢᠭ ᠢ ᠲᠡᠯᠡᠶ ᠪᠠᠷ ᠠᠶᠠᠯᠠᠭᠤᠯᠬᠤ᠂ ᠰᠣᠯᠢᠯᠴᠠᠬᠤ᠂ ᠬᠠᠮᠲᠤ ᠡᠳ᠋ᠯᠡᠬᠦ ᠵᠡᠷᠭᠡ ᠬᠠᠮᠲᠤᠷᠠᠯᠴᠠᠭ᠎ᠠ | ᠥᠷᠨᠢᠭᠦᠯᠬᠦ ᠶᠢ ᠳᠡᠮᠵᠢᠵᠦ᠂ ︽ᠨᠢᠭᠡ ᠯᠡ ᠴᠢᠩᠭᠡᠯᠢᠭ ᠢᠶᠠᠷ ᠲᠡᠭᠡᠭᠡᠪᠦᠷᠢᠯᠡᠬᠦ︾ ᠶᠢ ᠰᠦᠪᠡᠭᠴᠢᠯᠡᠨ᠎ᠡ︔ ᠰᠢᠨ᠎ᠡ ᠡᠨᠧᠷᠭᠢ ᠶᠢᠨ ᠪᠦᠲᠦᠨ ᠲᠡᠷᠭᠡ᠂ ᠬᠥᠳᠡᠯᠭᠡᠭᠴᠢ | ᠬᠦᠴᠦᠨ ᠤ ᠴᠡᠨᠡᠭ ᠢ ᠭᠠᠳᠠᠭᠠᠳᠤ ᠳᠤ ᠭᠠᠷᠭᠠᠬᠤ ᠶᠢ ᠳᠡᠮᠵᠢᠬᠦ ᠬᠤᠯᠪᠣᠭᠠᠯᠠᠨ ᠲᠡᠭᠡᠭᠡᠪᠦᠷᠢᠯᠡᠬᠦ ᠰᠢᠨ᠎ᠡ ᠬᠡᠪ ᠵᠠᠭᠪᠤᠷ ᠵᠡᠷᠭᠡ ᠶᠢ ᠰᠦᠪᠡᠭᠴᠢᠯᠡᠨ᠎ᠡ᠃ | ᠡᠭᠦᠨ ᠠᠴᠠ ᠭᠠᠳᠠᠨ᠎ᠠ᠂ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠰᠢᠨ᠎ᠡ ᠪᠠᠶᠢᠳᠠᠯ ᠤᠨ ᠬᠥᠭᠵᠢᠯᠲᠡ ᠶᠢ ᠡᠷᠴᠢᠮᠯᠡᠬᠦ᠂ ᠴᠢᠯᠦᠭᠡᠵᠢᠯ | ᠳᠥᠭᠦᠮᠴᠢᠯᠡᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠪᠠᠰᠠ ᠣᠯᠠᠨ ᠵᠦᠢᠯ ᠤᠨ ᠲᠤᠷᠰᠢᠯᠲᠠ ᠶᠢᠨ ᠴᠡᠭ ᠤᠨ ᠡᠭᠦᠷᠭᠡ ᠶᠢ ᠳᠤᠷᠠᠳᠪᠠ᠃ | ᠬᠤᠶᠠᠷ ᠲᠤ᠂ ᠬᠦᠴᠦᠨ ᠵᠦᠢᠯ ᠤᠨ ᠪᠠᠲᠤᠯᠠᠭ᠎ᠠ ᠶᠢ ᠲᠡᠭᠦᠯᠳᠡᠷᠵᠢᠭᠦᠯᠬᠦ ᠲᠠᠯ᠎ᠠ ᠪᠠᠷ᠂ ᠬᠢᠯᠢ ᠪᠠᠷ ᠥᠩᠭᠡᠷᠡᠬᠦ ᠳᠤ ᠸᠢᠰᠠᠯᠠᠬᠤ ᠠᠴᠠ ᠬᠡᠯᠲᠦᠷᠢᠭᠦᠯᠬᠦ᠂ ᠡᠭᠦᠷᠢᠳᠡ | ᠰᠠᠭᠤᠷᠢᠰᠢᠬᠤ᠂ ᠲᠣᠭᠠᠴᠠᠭ᠎ᠠ ᠬᠢᠬᠦ ᠳᠤ ᠲᠥᠬᠦᠮ ᠦᠵᠡᠭᠦᠯᠬᠦ᠂ ᠠᠵᠢᠯ ᠡᠷᠭᠢᠯᠡᠬᠦ ᠬᠢᠷᠢ ᠬᠡᠮ ᠢ ᠮᠡᠳᠡᠷᠡᠬᠦ ᠵᠡᠷᠭᠡ ᠲᠠᠯ᠎ᠠ ᠪᠠᠷ ᠲᠤᠷᠰᠢᠯᠲᠠ ᠶᠢᠨ ᠴᠡᠭ ᠤᠨ ᠡᠭᠦᠷᠭᠡ ᠶᠢ | ᠳᠤᠷᠠᠳᠪᠠ︔ ᠭᠠᠳᠠᠭᠠᠳᠤ ᠳᠤ ᠬᠤᠯᠪᠣᠭᠳᠠᠬᠤ ᠬᠥᠨᠳᠡᠯᠡᠨ ᠤ ᠲᠠᠰᠤᠯᠤᠯᠳᠠ᠂ ᠬᠠᠤᠯᠢᠴᠢ ᠶᠢᠨ ᠠᠵᠢᠯ ᠡᠷᠬᠢᠯᠡᠬᠦ᠂ ᠤᠯᠠᠨ ᠤᠯᠤᠰ ᠤᠨ ᠬᠠᠤᠯᠢ ᠴᠠᠭᠠᠵᠠ ᠶᠢᠨ | ᠬᠠᠮᠲᠤᠷᠠᠯᠴᠠᠭ᠎ᠠ᠂ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠪᠠ ᠬᠠᠤᠯᠢ ᠬᠡᠷᠡᠭᠵᠢᠭᠦᠯᠦᠯᠲᠡ᠂ ᠴᠢᠳᠠᠪᠤᠷᠢᠲᠠᠨ ᠬᠥᠮᠥᠵᠢᠭᠦᠯᠦᠨ ᠪᠣᠯᠪᠠᠰᠤᠷᠠᠭᠤᠯᠬᠤ | ᠵᠡᠷᠭᠡ ᠶᠢᠨ ᠲᠣᠭᠤᠷᠢᠨ ᠳᠤ᠂ ᠬᠠᠤᠯᠢᠵᠢᠯ ᠤᠨ ᠪᠠᠲᠤᠯᠠᠭ᠎ᠠ ᠶᠢ ᠴᠢᠩᠭᠠᠳᠬᠠᠵᠤ᠂ ᠭᠠᠳᠠᠭᠠᠳᠤ ᠳᠤ ᠬᠤᠯᠪᠣᠭᠳᠠᠬᠤ ᠬᠠᠤᠯᠢ ᠴᠠᠭᠠᠵᠠ ᠶᠢᠨ ᠲᠤᠬᠠᠶᠢᠯᠠᠭᠰᠠᠨ ᠠᠵᠢᠯ ᠢ | ᠡᠮᠬᠢ ᠵᠢᠷᠤᠮ ᠲᠠᠢ ᠪᠠᠷ ᠥᠷᠨᠢᠭᠦᠯᠦᠨ᠎ᠡ᠃ | ᠭᠤᠷᠪᠠ ᠳᠤ᠂ ᠳᠦᠷᠢᠮ ᠪᠠ ᠵᠢᠷᠤᠮᠵᠢᠯ ᠢ ᠬᠠᠷᠢᠯᠴᠠᠨ ᠨᠡᠪᠲᠡᠷᠡᠯᠴᠡᠭᠦᠯᠵᠦ ᠬᠠᠷᠢᠯᠴᠠᠨ ᠪᠠᠭᠲᠠᠭᠠᠬᠤ ᠶᠢ ᠠᠬᠢᠭᠤᠯᠬᠤ ᠲᠠᠯ᠎ᠠ ᠪᠠᠷ᠂ ᠳ᠋ᠠᠶᠢᠲ᠋ᠠ ᠶᠢ ᠬᠢᠯᠢ ᠠᠯᠤᠰᠯᠠᠨ | ᠰᠢᠯᠵᠢᠭᠦᠯᠬᠦ᠂ ᠪᠠᠷᠢᠮᠵᠢᠶ᠎ᠠ ᠲᠣᠭᠲᠠᠭᠠᠬᠤ᠂ ᠮᠡᠳᠡᠯᠭᠡ ᠥᠮᠴᠢᠯᠡᠬᠦ ᠡᠷᠬᠡ᠂ ᠬᠤᠳᠠᠯᠳᠤᠭᠠᠨ ᠳᠤ ᠬᠡᠷᠡᠭᠯᠡᠬᠦ ᠨᠢᠭᠤᠴᠠ ᠺᠣᠳ᠋ ᠵᠡᠷᠭᠡ ᠴᠢᠬᠤᠯᠠ ᠲᠤᠬᠠᠶᠢᠯᠠᠭᠰᠠᠨ ᠠᠵᠢᠯ ᠤᠨ | ᠬᠦᠷᠢᠶᠡᠨ ᠳᠠᠬᠢ ᠦᠨᠳᠦᠰᠦᠨ ᠵᠢᠷᠤᠮᠵᠢᠯ ᠢ ᠳᠠᠰᠤᠷᠠᠯᠳᠠ ᠦᠭᠡᠢ ᠲᠡᠭᠦᠯᠳᠡᠷᠵᠢᠭᠦᠯᠦᠨ᠎ᠡ︔ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ᠂ | ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠬᠠᠮᠢᠶᠠᠷᠤᠯᠲᠠ᠂ ᠬᠢᠯᠢ ᠠᠯᠤᠰᠯᠠᠭᠰᠠᠨ ᠡᠳ᠋ ᠪᠠᠷᠠᠭ᠎ᠠ ᠶᠢ ᠬᠤᠯᠪᠤᠭᠠᠯᠠᠨ ᠲᠡᠭᠡᠭᠡᠪᠦᠷᠢᠯᠡᠬᠦ᠂ ᠪᠠᠶᠢᠴᠠᠭᠠᠨ ᠰᠢᠨᠵᠢᠬᠦ | ᠪᠠᠶᠢᠭᠤᠯᠤᠮᠵᠢ ᠶᠢᠨ ᠬᠢᠷᠢ ᠬᠡᠮ᠂ ᠳ᠋ᠢᠭᠢᠲ ᠪᠡᠶ᠎ᠡ ᠬᠡᠮ᠂ ᠡᠯᠧᠺᠳ᠋ᠷᠣᠨ ᠪᠠᠷᠢᠮᠲᠠ ᠵᠡᠷᠭᠡ ᠬᠦᠷᠢᠶᠡᠨ ᠳᠠᠬᠢ ᠬᠢᠯᠢ ᠶᠢᠨ ᠳᠣᠲᠣᠨ᠎ᠠ ᠭᠠᠳᠠᠨᠠᠬᠢ ᠬᠠᠮᠢᠶᠠᠷᠤᠯᠲᠠ ᠶᠢᠨ | ᠵᠢᠷᠤᠮᠵᠢᠯ ᠢ ᠬᠠᠷᠢᠯᠴᠠᠨ ᠨᠡᠪᠲᠡᠷᠡᠯᠴᠡᠭᠦᠯᠵᠦ ᠬᠠᠷᠢᠯᠴᠠᠨ ᠪᠠᠭᠲᠠᠭᠠᠬᠤ ᠶᠢ ᠠᠬᠢᠭᠤᠯᠬᠤ ᠵᠡᠷᠭᠡ ᠪᠣᠯᠣᠨ᠎ᠠ᠃ | ᠳᠥᠷᠪᠡ ᠳᠤ᠂ ᠲᠦᠭᠰᠢᠭᠦᠷᠢ ᠶᠢ ᠰᠡᠷᠭᠡᠶᠢᠯᠡᠨ ᠡᠵᠡᠮᠳᠡᠵᠦ ᠬᠠᠮᠵᠢᠯᠴᠠᠨ ᠬᠢᠨᠠᠨ ᠬᠠᠮᠢᠶᠠᠷᠬᠤ ᠲᠣᠭᠲᠠᠯᠴᠠᠭᠠᠨ ᠤ ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ᠂ | ᠡᠪᠳᠡᠬᠦ ᠪᠠ ᠪᠠᠶᠢᠭᠤᠯᠬᠤ ᠶᠢ ᠵᠡᠷᠭᠡ ᠪᠠᠷ ᠠᠳᠬᠤᠬᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠬᠤ᠂ ᠭᠤᠣᠯᠳᠠᠯᠭ᠎ᠠ ᠪᠣᠯᠬᠤ ᠠᠵᠤ ᠦᠢᠯᠡᠰ ᠤᠨ | ᠨᠡᠭᠡᠭᠡᠯᠲᠡ ᠶᠢᠨ ᠬᠡᠷᠡᠭᠵᠢᠭᠦᠯᠬᠦ ᠲᠥᠰᠥᠯ ᠪᠠ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠶᠢ ᠲᠣᠭᠲᠠᠭᠠᠨ ᠲᠡᠭᠦᠯᠳᠡᠷᠵᠢᠭᠦᠯᠵᠦ᠂ ᠡᠮᠬᠢ ᠵᠢᠷᠤᠮ ᠲᠠᠢ ᠪᠠᠷ ᠬᠡᠷᠡᠭᠵᠢᠭᠦᠯᠬᠦ ᠶᠢ | ᠠᠬᠢᠭᠤᠯᠤᠨ᠎ᠠ᠃ |