ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠬᠤᠷᠠᠯᠳᠤᠭᠠᠨ ᠬᠤᠷᠠᠯᠳᠤᠭᠤᠯᠵᠤ ᠣᠳᠣᠬᠠᠨ ᠤ ᠠᠵᠤ ᠠᠬᠤᠢ ᠶᠢᠨ ᠪᠠᠶᠢᠳᠠᠯ ᠪᠠ ᠠᠵᠤ ᠠᠬᠤᠢ ᠶᠢᠨ ᠠᠵᠢᠯ ᠢ ᠵᠠᠳᠠᠯᠤᠨ ᠰᠤᠳᠤᠯᠪᠠ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯᠳᠤᠭᠠᠨ ᠢ ᠡᠷᠭᠢᠯᠡᠪᠡ
ᠨᠡᠶᠢᠲᠡᠯᠡᠭᠰᠡᠨ ᠴᠠᠭ᠄
2025/4/25
  ᠰᠢᠨᠬᠤᠸᠠ ᠬᠤᠷᠢᠶᠠᠨ ᠤ ᠪᠡᠭᠡᠵᠢᠩ ᠤᠨ 4 ᠳ᠋ᠦ᠋ᠭᠡᠷ ᠰᠠᠷ᠎ᠠ ᠶᠢᠨ 25 ᠤ ᠡᠳᠦᠷ ᠤᠨ ᠴᠠᠬᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ 4 ᠳ᠋ᠦ᠋ᠭᠡᠷ ᠰᠠᠷ᠎ᠠ ᠶᠢᠨ 25 ᠤ ᠡᠳᠦᠷ ᠬᠤᠷᠠᠯᠳᠤᠭᠠᠨ ᠬᠤᠷᠠᠯᠳᠤᠭᠤᠯᠵᠤ᠂ ᠣᠳᠣᠬᠠᠨ ᠤ ᠠᠵᠤ ᠠᠬᠤᠢ ᠶᠢᠨ ᠪᠠᠶᠢᠳᠠᠯ ᠪᠠ ᠠᠵᠤ ᠠᠬᠤᠢ ᠶᠢᠨ ᠠᠵᠢᠯ ᠢ ᠵᠠᠳᠠᠯᠤᠨ ᠰᠤᠳᠤᠯᠪᠠ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯᠳᠤᠭᠠᠨ ᠢ ᠡᠷᠬᠢᠯᠡᠪᠡ᠃      ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠤᠯᠤᠰ ᠤᠨ ᠳᠣᠲᠣᠭᠠᠳᠤ ᠶᠢᠨ ᠠᠵᠤ ᠠᠬᠤᠢ ᠶᠢᠨ ᠠᠵᠢᠯ ᠪᠠ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠲᠡᠮᠡᠴᠡᠯ ᠢ ᠨᠢᠭᠡᠳᠦᠯᠲᠡᠢ ᠲᠥᠯᠥᠪᠯᠡᠵᠦ᠂ ᠥᠪᠡᠷ ᠤᠨ ᠢᠶᠠᠨ ᠠᠵᠢᠯ ᠶᠠᠪᠤᠳᠠᠯ ᠢ ᠡᠷᠡᠰ ᠭᠤᠶᠢᠪᠢᠰᠢ ᠦᠭᠡᠢ ᠰᠠᠶᠢᠲᠤᠷ ᠬᠢᠵᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠡᠷᠡᠰ ᠭᠤᠶᠢᠪᠢᠰᠢ ᠦᠭᠡᠢ ᠥᠷᠭᠡᠳᠬᠡᠵᠦ᠂ ᠠᠵᠢᠯ ᠣᠯᠭᠤᠯᠲᠠ᠂ ᠠᠵᠤ ᠠᠬᠤᠶᠢᠯᠠᠯ᠂ ᠵᠠᠬ᠎ᠠ ᠳᠡᠯᠭᠡᠭᠦᠷ ᠪᠠ ᠵᠢᠱᠢᠯᠲᠡ ᠶᠢ ᠬᠦᠴᠦᠯᠡᠨ ᠲᠣᠭᠲᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠲᠣᠭᠲᠠᠭᠠᠯᠲᠤ ᠴᠢᠨᠠᠷ ᠢᠶᠠᠷ ᠭᠠᠳᠠᠭᠠᠳᠤ ᠣᠷᠴᠢᠨ ᠨᠥᠬᠦᠴᠡᠯ ᠤᠨ ᠲᠦᠷᠭᠡᠨ ᠬᠤᠪᠢᠷᠠᠯᠲᠠ ᠶᠢᠨ ᠲᠣᠭᠲᠠᠭᠠᠯᠲᠤ ᠪᠤᠰᠤ ᠴᠢᠨᠠᠷ ᠢ ᠠᠷᠭᠠᠴᠠᠭᠠᠬᠤ ᠬᠡᠷᠡᠭᠲᠡᠢ ᠭᠡᠵᠡᠢ᠃      ᠬᠤᠷᠠᠯᠳᠤᠭᠠᠨ ᠢᠶᠠᠷ ᠴᠢᠬᠤᠯᠠᠴᠢᠯᠠᠬᠤ ᠳᠤ ᠪᠠᠨ᠂ ᠨᠠᠩ ᠢᠳᠡᠪᠬᠢᠲᠡᠢ ᠪᠥᠭᠡᠳ ᠪᠦᠲᠦᠮᠵᠢᠲᠡᠶ ᠬᠤᠷᠸ᠎ᠠ ᠲᠥᠷᠥ ᠶᠢᠨ ᠪᠣᠳᠣᠯᠭ᠎ᠠ ᠶᠢ ᠰᠢᠮᠳᠠᠭᠤᠯᠤᠨ ᠬᠡᠷᠡᠭᠵᠢᠭᠦᠯᠵᠦ᠂ ᠨᠠᠩ ᠢᠳᠡᠪᠬᠢᠲᠡᠢ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠪᠠ ᠵᠣᠬᠢᠰᠲᠠᠢ ᠠᠭᠤᠵᠢᠭᠤ ᠪᠠᠶᠢᠯᠭᠠᠬᠤ ᠵᠣᠭᠤᠰᠤᠨ ᠤ ᠲᠥᠷᠥ ᠶᠢᠨ ᠪᠣᠳᠣᠯᠭ᠎ᠠ ᠶᠢ ᠰᠠᠶᠢᠲᠤᠷ ᠮᠥᠷᠲᠡᠭᠡᠨ ᠭᠦᠢᠴᠡᠳ ᠬᠡᠷᠡᠭᠯᠡᠬᠦ ᠬᠡᠷᠡᠭᠲᠡᠢ᠃ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ᠂ ᠤᠯᠤᠰ ᠤᠨ ᠬᠡᠳᠦ ᠤᠷᠳᠤ ᠬᠤᠭᠤᠴᠠᠭᠠᠲᠤ ᠣᠨᠴᠠᠭᠠᠢ ᠵᠢᠭᠡᠯᠡᠯᠭᠡ ᠵᠡᠷᠭᠡ ᠶᠢ ᠲᠠᠷᠬᠠᠭᠠᠨ ᠬᠡᠷᠡᠭᠯᠡᠬᠦ ᠶᠢ ᠲᠦᠷᠭᠡᠳᠬᠡᠨ᠎ᠡ᠃ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠬᠠᠳᠠᠭᠠᠯᠠᠮᠵᠢ ᠶᠢᠨ ᠪᠡᠯᠡᠳᠬᠡᠯ ᠮᠥᠩᠭᠦᠨ ᠤ ᠨᠣᠷᠮ᠎ᠠ ᠪᠠ ᠬᠦᠦ ᠮᠥᠩᠭᠦ ᠶᠢᠨ ᠨᠤᠷᠮ᠎ᠠ ᠶᠢ ᠴᠠᠭ ᠲᠤ ᠨᠢ ᠲᠣᠬᠢᠷᠠᠭᠤᠯᠤᠨ ᠪᠠᠭᠤᠷᠠᠭᠤᠯᠵᠤ᠂ ᠬᠥᠳᠡᠯᠭᠡᠭᠡᠨᠲᠦ ᠴᠢᠨᠠᠷ ᠢᠶᠠᠷ ᠭᠦᠢᠴᠡᠳ ᠪᠠᠶᠢᠬᠤ ᠶᠢ ᠪᠠᠲᠤᠯᠠᠵᠤ᠂ ᠪᠣᠳᠠᠲᠤ ᠴᠣᠭᠴᠠ ᠶᠢᠨ ᠠᠵᠤ ᠠᠬᠤᠢ ᠶᠢ ᠬᠦᠴᠦᠯᠡᠨ ᠳᠡᠮᠵᠢᠬᠦ ᠬᠡᠷᠡᠭᠲᠡᠢ᠃ ᠪᠦᠲᠦᠴᠡ ᠶᠢᠨ ᠴᠢᠨᠠᠷᠲᠠᠢ ᠵᠣᠭᠤᠰᠤᠨ ᠤ ᠲᠦᠷᠦ ᠶᠢᠨ ᠪᠣᠳᠣᠯᠭ᠎ᠠ ᠶᠢᠨ ᠰᠢᠨ᠎ᠡ ᠪᠠᠭᠠᠵᠢ ᠶᠢ ᠡᠭᠦᠳᠦᠨ ᠲᠣᠬᠢᠷᠠᠭᠤᠯᠵᠤ᠂ ᠰᠢᠨ᠎ᠡ ᠮᠠᠶ᠋ᠢᠭ ᠤᠨ ᠲᠦᠷᠦ ᠶᠢᠨ ᠪᠣᠳᠣᠯᠭ᠎ᠠ ᠶᠢᠨ ᠴᠢᠨᠠᠷᠲᠠᠢ ᠮᠥᠩᠭᠦᠨ ᠭᠦᠢᠯᠭᠡᠭᠡᠨ ᠤ ᠪᠠᠭᠠᠵᠢ ᠶᠢ ᠲᠣᠬᠢᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠬᠡᠷᠡᠭᠯᠡᠭᠡ ᠶᠢ ᠥᠷᠭᠡᠳᠬᠡᠬᠦ᠂ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ ᠵᠡᠷᠭᠡ ᠶᠢ ᠳᠡᠮᠵᠢᠨ᠎ᠡ ᠭᠡᠵᠡᠢ᠃      ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠳᠤᠮᠳᠠ ᠳᠣᠣᠷ᠎ᠠ ᠣᠷᠣᠯᠭ᠎ᠠ ᠲᠠᠢ ᠬᠥᠮᠥᠰ ᠤᠨ ᠣᠷᠣᠯᠭ᠎ᠠ ᠶᠢ ᠨᠡᠮᠡᠭᠳᠡᠭᠦᠯᠵᠦ᠂ ᠦᠢᠯᠡᠴᠢᠯᠡᠭᠡᠨ ᠤ ᠬᠡᠷᠡᠭᠯᠡᠭᠡ ᠶᠢ ᠶᠡᠭᠡ ᠪᠠᠷ ᠬᠥᠭᠵᠢᠭᠦᠯᠵᠦ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠬᠦ ᠬᠡᠷᠡᠭᠯᠡᠭᠡ ᠶᠢᠨ ᠳᠠᠶᠢᠴᠢᠯᠠᠬᠤ ᠦᠢᠯᠡᠳᠦᠯ ᠢ ᠴᠢᠩᠭᠠᠳᠬᠠᠬᠤ ᠬᠡᠷᠡᠭᠲᠡᠢ᠃ ᠬᠡᠷᠡᠭᠯᠡᠭᠡᠨ ᠤ ᠬᠦᠷᠢᠶᠡᠨ ᠳᠠᠬᠢ ᠬᠢᠵᠠᠭᠠᠷᠯᠠᠬᠤ ᠴᠢᠨᠠᠷᠲᠠᠢ ᠠᠷᠭ᠎ᠠ ᠬᠡᠮᠵᠢᠶ᠎ᠡ ᠶᠢ ᠲᠦᠷᠭᠡᠬᠡᠨ ᠢᠯᠭᠠᠷᠠᠭᠤᠯᠤᠨ ᠲᠢᠭᠯᠡᠵᠦ᠂ ᠦᠢᠯᠡᠴᠢᠯᠡᠭᠡᠨ ᠤ ᠬᠡᠷᠡᠭᠯᠡᠭᠡ ᠬᠢᠭᠡᠳ ᠨᠠᠰᠤᠵᠢᠯ ᠤᠨ ᠠᠰᠠᠷᠠᠮᠵᠢ ᠶᠢᠨ ᠳᠠᠬᠢᠯᠲᠠ ᠵᠢᠭᠡᠯᠡᠯᠭᠡ ᠶᠢ ᠲᠣᠬᠢᠷᠠᠭᠤᠯᠤᠨ᠎ᠠ᠃ ᠪᠡᠯᠡ ᠮᠥᠩᠭᠦᠨ ᠤ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠬᠦᠷᠢᠶ᠎ᠡ ᠬᠡᠪᠴᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠵᠦ ︽ᠰᠢᠨᠡᠳᠬᠡᠬᠦ ᠪᠠ ᠰᠣᠯᠢᠬᠤ︾ ᠲᠠᠯ᠎ᠠ ᠪᠠᠷ ᠬᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠨ᠂ ︽ᠨᠢᠭᠡ ᠴᠢᠬᠤᠯᠠ ᠨᠢᠭᠡ ᠭᠤᠣᠯᠳᠠᠯᠭ᠎ᠠ︾ ᠶᠢᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠬᠡᠷᠡᠭᠵᠢᠭᠦᠯᠦᠨ᠎ᠡ ᠭᠡᠵᠡᠢ᠃      ᠬᠤᠷᠠᠯᠳᠤᠭᠠᠨ ᠢᠶᠠᠷ ᠴᠢᠬᠤᠯᠠᠴᠢᠯᠠᠬᠤ ᠳᠤ ᠪᠠᠨ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ ᠪᠠᠶᠢᠭᠠᠳ ᠬᠦᠴᠢᠷᠳᠡᠯᠲᠡᠢ ᠠᠵᠤ ᠠᠬᠤᠶᠢᠯᠠᠯ ᠢ ᠬᠠᠪᠰᠤᠷᠤᠨ ᠲᠡᠳᠬᠦᠬᠦ ᠬᠡᠷᠡᠭᠲᠡᠢ᠃ ᠪᠡᠯᠡ ᠲᠣᠬᠢᠷᠠᠭᠤᠯᠭ᠎ᠠ ᠶᠢᠨ ᠳᠡᠮᠵᠢᠯᠭᠡ ᠶᠢ ᠴᠢᠩᠭᠠᠳᠬᠠᠨ᠎ᠠ᠃ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠬᠤ ᠪᠠᠨ ᠲᠦᠷᠭᠡᠪᠴᠢᠯᠡᠨ ᠠᠬᠢᠭᠤᠯᠤᠨ᠎ᠠ᠃ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠤᠨ ᠪᠤᠵᠠᠭᠠᠶᠢᠷᠠᠭᠤᠯᠵᠤ᠂ ᠨᠢᠭᠡ ᠪᠦᠯᠦᠭ ᠰᠢᠨ᠎ᠡ ᠪᠠᠷ ᠡᠭᠦᠰᠦᠭᠰᠡᠨ ᠲᠤᠯᠭᠠᠭᠤᠷᠢ ᠠᠵᠤ ᠦᠢᠯᠡᠰ ᠢ ᠪᠤᠢ ᠪᠣᠯᠭᠠᠨ᠎ᠠ᠃ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠰᠢᠢᠳᠪᠦᠷᠢᠯᠡᠬᠦ ᠶᠢ ᠦᠷᠭᠦᠯᠵᠢᠯᠡᠨ ᠬᠦᠴᠦᠯᠡᠨ ᠠᠬᠢᠭᠤᠯᠵᠤ᠂ ᠵᠢᠭᠡᠯᠡᠯᠭᠡ ᠶᠢᠨ ᠲᠡᠮᠳᠡᠭᠲᠦ ᠶᠢᠨ ᠵᠠᠬ᠎ᠠ ᠳᠡᠯᠭᠡᠭᠦᠷ ᠤᠨ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠮᠪᠠᠷ᠎ᠠ︾ ᠶᠢ ᠰᠢᠨ᠎ᠡ ᠪᠠᠷ ᠡᠭᠦᠳᠦᠨ ᠭᠠᠷᠭᠠᠵᠤ᠂ ︽ᠵᠣᠬᠢᠶᠠᠮᠠᠯ ᠤᠶᠤᠨ +︾ ᠠᠵᠢᠯᠯᠠᠭ᠎ᠠ ᠶᠢ ᠲᠦᠷᠭᠡᠪᠴᠢᠯᠡᠨ ᠬᠡᠷᠡᠭᠵᠢᠭᠦᠯᠦᠨ᠎ᠡ ᠭᠡᠵᠡᠢ᠃      ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ᠃
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠪᠠᠨ ᠰᠦᠯᠵᠢᠶ᠎ᠡ