ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 26 ᠤ ᠴᠠᠬᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠤᠯᠤᠰ ᠲᠥᠷᠥ ᠶᠢᠨ ᠲᠣᠪᠴᠢᠶ᠎ᠠ 4 ᠰᠠᠷ᠎ᠠ ᠶᠢᠨ 25 ᠤ ᠦᠳᠡ ᠶᠢᠨ ᠬᠤᠶᠢᠨ᠎ᠠ ᠵᠣᠬᠢᠶᠠᠮᠠᠯ ᠣᠶᠤᠨ ᠴᠢᠳᠠᠪᠤᠷᠢ ᠶᠢ ᠬᠥᠭᠵᠢᠭᠦᠯᠬᠦ ᠪᠠ ᠬᠢᠨᠠᠯᠲᠠ ᠬᠠᠮᠢᠶᠠᠷᠤᠯᠲᠠ ᠶᠢ | ᠴᠢᠩᠭᠠᠳᠬᠠᠬᠤ ᠲᠤᠬᠠᠢ ᠬᠤᠷᠢᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠬᠢᠯᠡᠬᠦ ᠳᠡᠭᠡᠨ᠂ ᠰᠢᠨ᠎ᠡ ᠨᠢᠭᠡ ᠦᠶ᠎ᠡ ᠶᠢᠨ ᠵᠣᠬᠢᠶᠠᠮᠠᠯ ᠣᠶᠤᠨ ᠴᠢᠳᠠᠪᠤᠷᠢ ᠶᠢᠨ ᠮᠡᠷᠭᠡᠵᠢᠯ ᠤᠨ ᠲᠦᠷᠭᠡᠨ | ᠬᠤᠪᠢᠰᠤᠯᠲᠠ ᠶᠢᠨ ᠰᠢᠨ᠎ᠡ ᠪᠠᠶᠢᠳᠠᠯ ᠤᠨ ᠡᠮᠦᠨ᠎ᠡ᠂ ᠰᠢᠨ᠎ᠡ ᠬᠡᠯᠪᠡᠷᠢ ᠶᠢᠨ ᠤᠯᠤᠰ ᠳᠠᠶᠠᠭᠠᠷ ᠤᠨ ᠪᠠᠶᠢᠭᠤᠯᠤᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ | ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠪᠠᠷᠢᠮᠲᠠᠯᠠᠵᠤ᠂ ᠬᠡᠷᠡᠭᠯᠡᠭᠡᠨ ᠤ ᠤᠳᠤᠷᠢᠳᠤᠮᠵᠢ ᠶᠢ ᠳᠣᠪᠤᠶᠢᠯᠭᠠᠵᠤ᠂ ᠮᠠᠨ ᠤ ᠤᠯᠤᠰ ᠤᠨ ᠵᠣᠬᠢᠶᠠᠮᠠᠯ | ᠣᠶᠤᠨ ᠴᠢᠳᠠᠪᠤᠷᠢ ᠶᠢᠨ ᠠᠰᠢᠭᠲᠠᠢ᠂ ᠠᠮᠤᠷ ᠲᠦᠪᠰᠢᠨ᠂ ᠡᠷᠬᠡ ᠲᠡᠭᠰᠢ ᠴᠢᠭᠯᠡᠯ ᠲᠡᠶᠢᠰᠢ ᠡᠷᠡᠭᠦᠯ ᠪᠥᠭᠡᠳ ᠡᠮᠬᠢ ᠳᠢᠭᠯᠢᠮ ᠲᠠᠢ ᠬᠥᠭᠵᠢᠬᠦ ᠶᠢ ᠠᠬᠢᠭᠤᠯᠬᠤ ᠬᠡᠷᠡᠭᠲᠡᠢ | ᠭᠡᠵᠦ ᠴᠢᠬᠤᠯᠠᠴᠢᠯᠠᠪᠠ᠃ | ᠰᠢ ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠫᠷᠣᠹᠧᠰᠰᠣᠷ ᠵᠧᠩ ᠨᠠᠨ ᠨᠢᠩ ᠨᠥᠬᠦᠷ ᠡᠨᠡ ᠠᠰᠠᠭᠤᠳᠠᠯ ᠤᠨ ᠲᠤᠬᠠᠢ ᠲᠠᠶᠢᠯᠤᠮᠵᠢ ᠬᠢᠵᠦ᠂ | ᠠᠵᠢᠯ ᠤᠨ ᠰᠠᠨᠠᠭᠤᠯᠭ᠎ᠠ ᠳᠤᠷᠠᠳᠴᠠᠢ᠃ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠨᠥᠬᠦᠳ ᠲᠠᠶᠢᠯᠤᠮᠵᠢ ᠶᠢ ᠨᠠᠷᠢᠨ ᠬᠢᠨᠠᠮᠠᠭᠠᠢ | ᠰᠣᠨᠣᠰᠤᠭᠰᠠᠨ ᠪᠥᠭᠡᠳ ᠶᠠᠷᠢᠯᠴᠠᠪᠠ᠃ | ᠰᠢ ᠶᠢᠨ ᠫᠢᠩ ᠲᠠᠶᠢᠯᠤᠮᠵᠢ ᠪᠠ ᠶᠠᠷᠢᠯᠴᠠᠭ᠎ᠠ ᠶᠢ ᠰᠣᠨᠣᠰᠤᠭᠰᠠᠨ ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ᠃ ᠲᠡᠷᠡ᠂ ᠵᠣᠬᠢᠶᠠᠮᠠᠯ ᠣᠶᠤᠨ ᠴᠢᠳᠠᠪᠤᠷᠢ ᠨᠢ ᠰᠢᠨ᠎ᠡ | ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠣᠨ ᠠᠵᠤ ᠦᠢᠯᠡᠰ ᠤᠨ ᠬᠤᠪᠢᠰᠤᠯᠲᠠ ᠶᠢ ᠬᠥᠲᠥᠯᠥᠨ ᠳᠠᠭᠠᠭᠤᠯᠬᠤ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠮᠡᠷᠭᠡᠵᠢᠯ ᠪᠣᠯᠤᠭᠰᠠᠨ ᠤ ᠬᠤᠪᠢ ᠳᠤ᠂ ᠬᠥᠮᠥᠨ ᠲᠥᠷᠥᠯᠬᠢᠲᠡᠨ ᠤ ᠦᠢᠯᠡᠳᠪᠦᠷᠢᠯᠡᠯ ᠠᠮᠢᠳᠤᠷᠠᠯ ᠤᠨ ᠠᠷᠭ᠎ᠠ ᠬᠡᠯᠪᠡᠷᠢ ᠶᠢ ᠭᠦᠨᠵᠡᠭᠡᠢ | ᠬᠤᠪᠢᠷᠠᠭᠤᠯᠪᠠ᠃ ᠨᠠᠮ ᠤᠨ ᠲᠥᠪ ᠬᠤᠷᠢᠶ᠎ᠠ ᠵᠣᠬᠢᠶᠠᠮᠠᠯ ᠣᠶᠤᠨ ᠴᠢᠳᠠᠪᠤᠷᠢ ᠶᠢ ᠬᠥᠭᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠶᠢᠷ᠎ᠠ ᠶᠢᠨ ᠵᠢᠯ ᠳᠤ | ᠦᠵᠦ ᠲᠥᠯᠥᠪᠯᠡᠭᠡ ᠶᠢ ᠲᠡᠭᠦᠯᠳᠡᠷᠵᠢᠭᠦᠯᠦᠨ᠂ ᠠᠵᠢᠯ ᠤᠨ ᠪᠠᠶᠢᠷᠢᠯᠠᠭᠤᠯᠤᠯᠲᠠ ᠶᠢ ᠴᠢᠩᠭᠠᠳᠬᠠᠵᠤ᠂ ᠮᠠᠨ ᠤ ᠤᠯᠤᠰ ᠤᠨ ᠵᠣᠬᠢᠶᠠᠮᠠᠯ ᠣᠶᠤᠨ ᠴᠢᠳᠠᠪᠤᠷᠢ ᠶᠢᠨ | ᠶᠡᠷᠦᠩᠬᠡᠶᠢᠯᠡᠭᠰᠡᠨ ᠪᠣᠳᠠᠲᠤ ᠬᠦᠴᠦᠨ ᠤ ᠪᠦᠬᠦᠯᠢ ᠴᠣᠭᠴᠠᠲᠤ ᠴᠢᠨᠠᠷᠲᠠᠢ᠂ ᠰᠢᠰᠲ᠋ᠧᠮᠲᠦ ᠴᠢᠨᠠᠷᠲᠠᠢ ᠳᠡᠭᠡᠭᠰᠢᠯᠡᠬᠦ ᠶᠢ ᠠᠬᠢᠭᠤᠯᠪᠠ᠃ ᠡᠭᠦᠨ ᠤ ᠬᠠᠮᠲᠤ ᠰᠠᠭᠤᠷᠢ ᠣᠨᠣᠯ᠂ | ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠵᠡᠷᠭᠡ ᠲᠠᠯ᠎ᠠ ᠪᠠᠷ ᠪᠠᠰᠠ ᠳᠤᠲᠠᠭᠤᠳᠠᠯ ᠪᠠ ᠪᠠᠭᠤᠷᠠᠢ ᠲᠠᠯ᠎ᠠ ᠣᠷᠣᠰᠢᠵᠤ ᠪᠠᠶᠢᠨ᠎ᠠ᠃ ᠵᠥᠷᠢᠶ᠎ᠡ ᠳᠤ ᠵᠥᠪ ᠢᠶᠠᠷ ᠬᠠᠨᠳᠤᠵᠤ᠂ | ᠨᠡᠩ ᠢᠯᠡᠭᠦᠦ ᠴᠢᠷᠮᠠᠶᠢᠵᠤ᠂ ᠵᠣᠬᠢᠶᠠᠮᠠᠯ ᠣᠶᠤᠨ ᠴᠢᠳᠠᠪᠤᠷᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠠᠵᠤ ᠦᠢᠯᠡᠰ ᠢ ᠬᠥᠭᠵᠢᠭᠦᠯᠬᠦ | ᠪᠠ ᠡᠨᠧᠷᠭᠢ ᠣᠯᠭᠤᠨ ᠬᠡᠷᠡᠭᠯᠡᠬᠦ ᠶᠢ ᠪᠦᠬᠦ ᠲᠠᠯ᠎ᠠ ᠪᠠᠷ ᠠᠬᠢᠭᠤᠯᠵᠤ᠂ ᠵᠣᠬᠢᠶᠠᠮᠠᠯ ᠣᠶᠤᠨ ᠴᠢᠳᠠᠪᠤᠷᠢ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ | ᠲᠡᠭᠦᠯᠳᠡᠷᠵᠢᠭᠦᠯᠵᠦ᠂ ᠵᠣᠬᠢᠶᠠᠮᠠᠯ ᠣᠶᠤᠨ ᠴᠢᠳᠠᠪᠤᠷᠢ ᠶᠢᠨ ᠬᠥᠭᠵᠢᠯᠲᠡ ᠪᠠ ᠵᠠᠰᠠᠯᠲᠠ ᠶᠢᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠬᠦ ᠬᠡᠷᠡᠭᠲᠡᠢ ᠭᠡᠵᠦ ᠵᠢᠭᠠᠵᠤ | ᠭᠠᠷᠭᠠᠪᠠ᠃ | ᠰᠢ ᠶᠢᠨ ᠫᠢᠩ᠂ ᠵᠣᠬᠢᠶᠠᠮᠠᠯ ᠣᠶᠤᠨ ᠴᠢᠳᠠᠪᠤᠷᠢ ᠶᠢᠨ ᠬᠦᠷᠢᠶᠡᠨ ᠳᠤ ᠲᠡᠷᠢᠭᠦᠨ ᠠᠵᠠ ᠲᠣᠬᠢᠶᠠᠯ ᠢ ᠡᠵᠡᠮᠳᠡᠵᠦ᠂ ᠳᠠᠪᠠᠭᠤᠯᠢᠭ ᠪᠠᠶᠢᠷᠢ ᠶᠢ ᠡᠵᠡᠯᠡᠬᠦ ᠳᠤ | ᠡᠷᠬᠡᠪᠰᠢ ᠰᠠᠭᠤᠷᠢ ᠣᠨᠣᠯ᠂ ᠠᠷᠭ᠎ᠠ᠂ ᠪᠠᠭᠠᠵᠢ ᠵᠡᠷᠭᠡ ᠲᠠᠯ᠎ᠠ ᠪᠠᠷ ᠰᠢᠪᠲᠤᠯᠤᠯᠲᠠ ᠭᠠᠷᠭᠠᠬᠤ ᠬᠡᠷᠡᠭᠲᠡᠢ᠃ ᠰᠠᠭᠤᠷᠢ ᠰᠤᠳᠤᠯᠭᠠᠨ ᠢ ᠦᠷᠭᠦᠯᠵᠢᠯᠡᠨ ᠴᠢᠩᠭᠠᠳᠬᠠᠵᠤ᠂ | ᠬᠦᠴᠦᠨ ᠢᠶᠠᠨ ᠲᠥᠪᠯᠡᠷᠡᠭᠦᠯᠦᠨ ᠳᠡᠭᠡᠳᠦ ᠳᠡᠰ ᠤᠨ ᠴᠢᠫ᠂ ᠰᠠᠭᠤᠷᠢ ᠵᠥᠭᠡᠯᠡᠨ ᠲᠣᠨᠤᠭ ᠵᠡᠷᠭᠡ ᠭᠤᠣᠯᠯᠠᠬᠤ ᠮᠡᠷᠭᠡᠵᠢᠯ ᠤᠨ ᠪᠣᠭᠤᠮᠲᠠ ᠶᠢ ᠰᠢᠪᠲᠤᠯᠵᠤ᠂ ᠪᠡᠶ᠎ᠡ ᠪᠠᠨ | ᠳᠠᠭᠠᠭᠠᠵᠤ ᠡᠵᠡᠮᠳᠡᠵᠦ ᠪᠣᠯᠬᠤ᠂ ᠬᠠᠮᠵᠢᠯᠴᠠᠨ ᠠᠵᠢᠯᠯᠠᠬᠤ ᠵᠣᠬᠢᠶᠠᠮᠠᠯ ᠣᠶᠤᠨ ᠴᠢᠳᠠᠪᠤᠷᠢ ᠶᠢᠨ ᠰᠠᠭᠤᠷᠢ ᠵᠥᠭᠡᠯᠡᠨ ᠬᠠᠲᠠᠭᠤ ᠲᠣᠨᠤᠭ ᠤᠨ ᠰᠢᠰᠲ᠋ᠧᠮ ᠢ ᠪᠠᠶᠢᠭᠤᠯᠬᠤ | ᠬᠡᠷᠡᠭᠲᠡᠢ᠃ ᠵᠣᠬᠢᠶᠠᠮᠠᠯ ᠣᠶᠤᠨ ᠴᠢᠳᠠᠪᠤᠷᠢ ᠪᠠᠷ ᠰᠢᠨᠵᠢᠯᠡᠬᠦ ᠤᠬᠠᠭᠠᠨ ᠤ ᠰᠤᠳᠤᠯᠭᠠᠨ ᠤ ᠬᠡᠪ ᠲᠣᠮᠢᠶ᠎ᠠ ᠶᠢᠨ ᠬᠤᠪᠢᠰᠤᠯᠲᠠ ᠶᠢ ᠬᠥᠲᠥᠯᠥᠨ ᠳᠠᠭᠠᠭᠤᠯᠵᠤ᠂ ᠡᠯ᠎ᠡ | ᠬᠦᠷᠢᠶᠡᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠢᠪᠲᠤᠯᠤᠯᠲᠠ ᠶᠢ ᠲᠦᠷᠭᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠮᠠᠨ ᠤ ᠤᠯᠤᠰ ᠤᠨ ᠳ᠋ᠠᠶᠢᠲ᠋ᠠ ᠶᠢᠨ ᠡᠬᠢ ᠪᠠᠶᠠᠯᠢᠭ ᠡᠯᠪᠡᠭ᠂ ᠠᠵᠤ ᠦᠢᠯᠡᠰ ᠤᠨ ᠰᠢᠰᠲ᠋ᠧᠮ ᠪᠦᠷᠢᠨ᠂ ᠬᠡᠷᠡᠭᠯᠡᠭᠡᠨ ᠤ ᠪᠠᠶᠢᠳᠠᠯ ᠥᠷᠭᠡᠨ | ᠠᠭᠤᠳᠠᠮ᠂ ᠵᠠᠬ᠎ᠠ ᠳᠡᠯᠭᠡᠭᠦᠷ ᠤᠨ ᠣᠷᠣᠨ ᠵᠠᠢ ᠯᠤᠲᠤ ᠶᠡᠭᠡ ᠶᠤᠮ᠃ ᠵᠣᠬᠢᠶᠠᠮᠠᠯ ᠣᠶᠣᠨ ᠴᠢᠳᠠᠪᠤᠷᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ | ᠡᠭᠦᠳᠦᠯᠲᠡ ᠪᠣᠯᠣᠨ ᠠᠵᠤ ᠦᠢᠯᠡᠰ ᠤᠨ ᠰᠢᠨ᠎ᠡ ᠡᠭᠦᠳᠦᠯᠲᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠠᠵᠤ ᠠᠬᠤᠶᠢᠯᠠᠯ ᠢᠶᠠᠷ ᠭᠤᠣᠯ ᠤᠳᠤᠷᠢᠳᠤᠮᠵᠢ | ᠪᠣᠯᠭᠠᠨ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠬᠡᠷᠡᠭᠯᠡᠭᠡᠨ ᠢ ᠵᠣᠬᠢᠴᠠᠭᠤᠯᠤᠭᠰᠠᠨ ᠰᠢᠨ᠎ᠡ ᠶᠢ ᠡᠭᠦᠳᠬᠦ ᠰᠢᠰᠲ᠋ᠧᠮ ᠢ ᠪᠠᠶᠢᠭᠤᠯᠵᠤ᠂ ᠤᠯᠠᠮᠵᠢᠯᠠᠯᠲᠤ ᠠᠵᠤ | ᠦᠢᠯᠡᠰ ᠢ ᠥᠭᠡᠷᠡᠴᠢᠯᠡᠨ ᠳᠡᠰ ᠳᠡᠪᠰᠢᠭᠦᠯᠬᠦ ᠳᠤ ᠬᠦᠴᠦᠨ ᠨᠡᠮᠡᠷᠢᠯᠡᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠪᠣᠯᠣᠨ | ᠢᠷᠡᠭᠡᠳᠦᠢ ᠶᠢᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠵᠠᠮ ᠢ ᠨᠡᠭᠡᠭᠡᠬᠦ ᠬᠡᠷᠡᠭᠲᠡᠢ᠃ ᠪᠣᠳᠣᠯᠲᠠ ᠶᠢᠨ ᠬᠦᠴᠦᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠳ᠋ᠠᠶᠢᠲ᠋ᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠨᠡᠭᠡᠭᠡᠯᠲᠡ ᠬᠢᠵᠦ ᠬᠠᠮᠲᠤ ᠪᠠᠷ | ᠡᠳ᠋ᠯᠡᠬᠦ ᠶᠢ ᠭᠦᠨᠵᠡᠭᠡᠶᠢᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠢᠨ᠎ᠡ ᠮᠡᠷᠭᠡᠵᠢᠯ ᠰᠢᠨ᠎ᠡ ᠬᠦᠷᠢᠶ᠎ᠡ ᠪᠣᠯᠤᠭᠰᠠᠨ ᠤ ᠬᠤᠪᠢ ᠳᠤ᠂ ᠵᠣᠬᠢᠶᠠᠮᠠᠯ ᠣᠶᠤᠨ ᠴᠢᠳᠠᠪᠤᠷᠢ ᠶᠢ ᠲᠥᠷᠥ ᠶᠢᠨ ᠪᠣᠳᠣᠯᠭ᠎ᠠ ᠪᠠᠷ ᠳᠡᠮᠵᠢᠬᠦ ᠨᠢ | ᠮᠠᠰᠢ ᠴᠢᠬᠤᠯᠠ ᠶᠤᠮ᠃ ᠮᠡᠳᠡᠯᠭᠡ ᠶᠢᠨ ᠥᠮᠴᠢᠯᠡᠯ ᠤᠨ ᠡᠷᠬᠡ᠂ ᠡᠳ᠋ ᠤᠨ ᠵᠠᠰᠠᠭ ᠭᠠᠶᠢᠯᠢ ᠲᠠᠲᠠᠪᠤᠷᠢ᠂ ᠵᠠᠰᠠᠭ ᠤᠨ ᠣᠷᠳᠣᠨ ᠬᠤᠳᠠᠯᠳᠤᠨ ᠠᠪᠬᠤ᠂ ᠲᠥᠬᠦᠭᠡᠷᠦᠮᠵᠢ ᠶᠢ | ᠴᠢᠯᠦᠭᠡᠲᠡᠢ ᠪᠣᠯᠭᠠᠬᠤ ᠵᠡᠷᠭᠡ ᠲᠥᠷᠥ ᠶᠢᠨ ᠪᠣᠳᠣᠯᠭ᠎ᠠ ᠶᠢ ᠶᠡᠷᠦᠩᠬᠡᠶᠢᠯᠡᠨ ᠬᠡᠷᠡᠭᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠥᠩᠭᠦᠨ ᠭᠦᠢᠯᠭᠡᠭᠡᠨ ᠤ | ᠠᠵᠢᠯ ᠢ ᠰᠠᠶᠢᠲᠤᠷ ᠬᠢᠬᠦ ᠬᠡᠷᠡᠭᠲᠡᠢ᠃ ᠵᠣᠬᠢᠶᠠᠮᠠᠯ ᠣᠶᠤᠨ ᠴᠢᠳᠠᠪᠤᠷᠢ ᠶᠢᠨ ᠪᠦᠬᠦ ᠰᠤᠷᠤᠯᠭ᠎ᠠ ᠶᠢᠨ ᠱᠠᠲᠤᠨ ᠳᠠᠬᠢ ᠵᠢᠭᠠᠨ ᠰᠤᠷᠭᠠᠯᠲᠠ ᠪᠠ ᠪᠦᠬᠦ ᠨᠡᠶᠢᠭᠡᠮ ᠤᠨ | ᠶᠡᠷᠦᠩᠬᠡᠶᠢᠯᠡᠭᠰᠡᠨ ᠪᠣᠯᠪᠠᠰᠤᠷᠠᠯ ᠤᠨ ᠵᠢᠭᠠᠨ ᠰᠤᠷᠭᠠᠯᠲᠠ ᠶᠢ ᠠᠬᠢᠭᠤᠯᠵᠤ᠂ ᠥᠨᠳᠥᠷ ᠬᠡᠪ ᠪᠣᠯᠪᠠᠰᠤᠷᠠᠯ ᠲᠠᠢ ᠴᠢᠳᠠᠪᠤᠷᠢᠲᠠᠨ ᠢ ᠲᠠᠰᠤᠷᠠᠯᠲᠠ ᠦᠭᠡᠢ ᠬᠥᠮᠥᠵᠢᠭᠦᠯᠬᠦ | ᠬᠡᠷᠡᠭᠲᠡᠢ᠃ ᠵᠣᠬᠢᠶᠠᠮᠠᠯ ᠣᠶᠤᠨ ᠴᠢᠳᠠᠪᠤᠷᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠲᠤᠯᠠᠭ᠎ᠠ᠂ ᠠᠵᠢᠯ ᠮᠡᠷᠭᠡᠵᠢᠯ ᠤᠨ ᠳᠡᠮᠵᠢᠯᠭᠡ ᠪᠠ ᠴᠢᠳᠠᠪᠤᠷᠢᠲᠠᠨ ᠢ | ᠦᠨᠡᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ ᠲᠥᠷᠥᠯ ᠤᠨ ᠴᠢᠳᠠᠪᠤᠷᠢᠲᠠᠨ ᠤ ᠠᠪᠢᠶᠠᠰ ᠴᠢᠳᠠᠪᠤᠷᠢ ᠪᠠᠨ ᠪᠠᠳᠠᠷᠠᠭᠤᠯᠬᠤ ᠳᠤ ᠲᠠᠪᠴᠠᠩ ᠪᠠᠶᠢᠭᠤᠯᠵᠤ᠂ | ᠨᠥᠬᠦᠴᠡᠯ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠵᠣᠬᠢᠶᠠᠮᠠᠯ ᠣᠶᠤᠨ ᠴᠢᠳᠠᠪᠤᠷᠢ ᠤᠷᠢᠳ ᠡᠮᠦᠨ᠎ᠡ ᠪᠠᠶᠢᠭ᠎ᠠ ᠦᠭᠡᠢ ᠬᠥᠭᠵᠢᠯᠲᠡ ᠶᠢᠨ ᠠᠵᠠ ᠲᠣᠬᠢᠶᠠᠯ ᠢ ᠠᠪᠴᠢᠷᠠᠭᠰᠠᠨ ᠪᠥᠭᠡᠳ ᠪᠠᠰᠠ | ᠤᠷᠢᠳ ᠡᠮᠦᠨ᠎ᠡ ᠪᠠᠶᠢᠭ᠎ᠠ ᠦᠭᠡᠢ ᠠᠶᠤᠯ ᠲᠦᠭᠰᠢᠭᠦᠷᠢ ᠥᠷᠢᠰᠦᠯᠳᠦᠭᠡᠨ ᠢ ᠠᠪᠴᠢᠷᠠᠭᠰᠠᠨ ᠪᠠᠶᠢᠨ᠎ᠠ᠃ ᠵᠣᠬᠢᠶᠠᠮᠠᠯ ᠣᠶᠤᠨ ᠴᠢᠳᠠᠪᠤᠷᠢ ᠶᠢᠨ ᠬᠥᠭᠵᠢᠯᠲᠡ ᠶᠢᠨ | ᠬᠠᠨᠳᠤᠰᠢ ᠪᠣᠯᠣᠨ ᠵᠢᠮ᠎ᠡ ᠶᠣᠰᠣ ᠶᠢ ᠡᠵᠡᠮᠳᠡᠵᠦ᠂ ᠬᠤᠯᠪᠣᠭᠳᠠᠯ ᠪᠦᠬᠦᠢ ᠬᠠᠤᠯᠢ ᠴᠠᠭᠠᠵᠠ ᠳᠦᠷᠢᠮ ᠲᠣᠭᠲᠠᠭᠠᠯ᠂ ᠲᠥᠷᠥ ᠶᠢᠨ ᠪᠣᠳᠣᠯᠭ᠎ᠠ ᠪᠠᠶᠢᠭᠤᠯᠤᠯ᠂ ᠬᠡᠷᠡᠭᠯᠡᠭᠡᠨ ᠤ | ᠵᠢᠷᠤᠮᠵᠢᠯ᠂ ᠶᠣᠰᠣ ᠰᠤᠷᠲᠠᠬᠤᠨ ᠤ ᠪᠠᠷᠢᠮᠵᠢᠶ᠎ᠠ ᠶᠢ ᠱᠠᠯᠠᠪᠳᠠᠨ ᠲᠣᠭᠲᠠᠭᠠᠨ ᠲᠡᠭᠦᠯᠳᠡᠷᠵᠢᠭᠦᠯᠵᠦ᠂ ᠮᠡᠷᠭᠡᠵᠢᠯ ᠤᠨ ᠬᠢᠨᠠᠨ ᠬᠡᠮᠵᠢᠬᠦ᠂ ᠠᠶᠤᠯ ᠲᠦᠭᠰᠢᠭᠦᠷᠢ ᠶᠢ | ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮ ᠢ ᠪᠠᠶᠢᠭᠤᠯᠵᠤ᠂ ᠵᠣᠬᠢᠶᠠᠮᠠᠯ ᠣᠶᠤᠨ ᠴᠢᠳᠠᠪᠤᠷᠢ ᠶᠢᠨ ᠠᠮᠤᠷ ᠲᠦᠪᠰᠢᠨ᠂ | ᠨᠠᠶᠢᠳᠠᠪᠤᠷᠢᠲᠠᠢ᠂ ᠡᠵᠡᠮᠳᠡᠵᠦ ᠳᠡᠶᠢᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠵᠣᠬᠢᠶᠠᠮᠠᠯ ᠣᠶᠤᠨ ᠴᠢᠳᠠᠪᠤᠷᠢ ᠬᠥᠮᠥᠨ ᠲᠥᠷᠥᠯᠬᠢᠲᠡᠨ ᠳᠤ ᠪᠤᠶᠠᠨ ᠦᠢᠯᠡᠳᠬᠦ ᠣᠯᠠᠨ ᠤᠯᠤᠰ ᠤᠨ ᠣᠯᠠᠨ ᠨᠡᠶᠢᠲᠡ ᠶᠢᠨ ᠦᠢᠯᠡᠳᠬᠦᠨ | ᠪᠣᠯᠵᠤ ᠪᠣᠯᠣᠨ᠎ᠠ᠃ ᠵᠣᠬᠢᠶᠠᠮᠠᠯ ᠣᠶᠤᠨ ᠴᠢᠳᠠᠪᠤᠷᠢ ᠶᠢᠨ ᠣᠯᠠᠨ ᠤᠯᠤᠰ ᠤᠨ ᠬᠠᠮᠲᠤᠷᠠᠯᠴᠠᠭ᠎ᠠ ᠶᠢ ᠥᠷᠭᠡᠨ ᠢᠶᠠᠷ ᠥᠷᠨᠢᠭᠦᠯᠵᠦ᠂ ᠪᠦᠬᠦ ᠪᠥᠮᠪᠥᠷᠴᠡᠭ ᠤᠨ ᠬᠥᠭᠵᠢᠵᠦ | ᠪᠠᠶᠢᠭ᠎ᠠ ᠤᠯᠤᠰ ᠤᠳ ᠢ ᠬᠠᠪᠰᠤᠷᠤᠨ ᠮᠡᠷᠭᠡᠵᠢᠯ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠪᠥᠮᠪᠥᠷᠴᠡᠭ ᠤᠨ ᠣᠶᠤᠨᠲᠤ ᠬᠡᠷᠡᠭᠯᠡᠭᠡᠨ ᠤ ᠵᠠᠪᠰᠠᠷ | ᠵᠠᠭᠠᠭ ᠢ ᠨᠥᠬᠦᠪᠦᠷᠢᠯᠡᠬᠦ ᠳᠤ ᠳᠤᠮᠳᠠᠳᠤ ᠤᠯᠤᠰ ᠤᠨ ᠬᠤᠪᠢ ᠨᠡᠮᠡᠷᠢ ᠶᠢ ᠦᠵᠡᠭᠦᠯᠬᠦ ᠬᠡᠷᠡᠭᠲᠡᠢ᠃ ᠡᠯ᠎ᠡ ᠲᠠᠯ᠎ᠠ ᠶᠢᠨ ᠬᠢᠨ ᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ | ᠵᠠᠰᠠᠯᠲᠠ ᠶᠢᠨ ᠳᠦᠷᠢᠮ᠂ ᠮᠡᠷᠭᠡᠵᠢᠯ ᠤᠨ ᠪᠠᠷᠢᠮᠵᠢᠶ᠎ᠠ ᠪᠠᠨ ᠵᠣᠯᠭᠠᠭᠤᠯᠤᠨ ᠵᠣᠬᠢᠴᠠᠭᠤᠯᠬᠤ ᠶᠢ ᠠᠬᠢᠭᠤᠯᠵᠤ᠂ ᠥᠷᠭᠡᠨ ᠳᠡᠯᠭᠡᠷ ᠬᠠᠮᠲᠤ ᠶᠢᠨ ᠲᠠᠨᠢᠯᠲᠠ ᠲᠠᠢ ᠪᠦᠬᠦ | ᠪᠥᠮᠪᠥᠷᠴᠡᠭ ᠤᠨ ᠵᠠᠰᠠᠯᠲᠠ ᠶᠢᠨ ᠪᠣᠷᠣ ᠲᠥᠯᠥᠪ ᠪᠠ ᠪᠠᠷᠢᠮᠵᠢᠶ᠎ᠠ ᠵᠢᠷᠤᠮᠵᠢᠯ ᠢ ᠡᠷᠲᠡᠬᠡᠨ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ |