ᠰᠢᠯᠢ ᠶᠢᠨ ᠭᠤᠣᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ᠂ ᠲᠣᠪᠴᠢᠶᠠᠨ ᠤ ᠨᠠᠮ ᠤᠨ ᠬᠤᠷᠢᠶ᠎ᠠ ᠶᠢᠨ ᠭᠡᠰᠢᠭᠦᠨ ᠵᠢᠴᠢ ᠡᠯ᠎ᠡ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠲᠣᠰ ᠲᠣᠰ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠠᠷᠠᠳ ᠤᠨ ᠴᠠᠭᠳᠠᠭ᠎ᠠ ᠶᠢᠨ ᠬᠡᠷ ᠪᠦᠯᠢ᠂ ᠠᠯᠪᠠᠨ ᠶᠠᠪᠤᠳᠠᠯ ᠢᠶᠠᠷ | ᠰᠢᠷᠬᠠᠲᠤᠭᠰᠠᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠬᠡᠷ ᠪᠦᠯᠢ᠂ ᠬᠦᠴᠢᠷᠳᠡᠯᠲᠡᠶ ᠨᠠᠮ ᠤᠨ ᠭᠡᠰᠢᠭᠦᠨ᠂ ᠠᠵᠢᠯ ᠠᠴᠠ ᠪᠠᠨ ᠠᠮᠠᠷᠠᠭᠰᠠᠨ | ᠠᠷᠠᠳ ᠤᠨ ᠴᠠᠭᠳᠠᠭ᠎ᠠ ᠶᠢᠨ ᠬᠡᠷ ᠲᠤ ᠬᠦᠷᠴᠦ ᠪᠣᠯᠭᠤᠭᠠᠨ ᠲᠣᠬᠤᠨᠢᠭᠤᠯᠵᠤ᠂ ᠲᠡᠳᠡᠨ ᠳᠤ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠬᠦᠷᠭᠡᠪᠡ᠃ | | | | ᠠᠯᠪᠠᠨ ᠤ ᠶᠠᠪᠤᠳᠠᠯ ᠢᠶᠠᠷ ᠪᠡᠶ᠎ᠡ ᠦᠷᠡᠭᠳᠡᠭᠰᠡᠨ ᠠᠷᠠᠳ ᠤᠨ ᠴᠠᠭᠳᠠᠭ᠎ᠠ ᠶᠢᠨ ᠬᠡᠷ ᠲᠤ᠂ ᠲᠣᠪᠴᠢᠶᠠᠨ ᠤ ᠨᠠᠮ ᠤᠨ ᠬᠤᠷᠢᠶᠠᠨ ᠤ ᠡᠮᠦᠨ᠎ᠡ ᠠᠴᠠ ᠳᠣᠲᠣᠨᠣ | ᠮᠡᠨᠳᠦᠴᠢᠯᠡᠯ ᠳᠡᠪᠰᠢᠭᠦᠯᠵᠦ᠂ ᠬᠡᠷ ᠪᠦᠯᠢ ᠶᠢᠨ ᠬᠢᠨ ᠤ ᠣᠷᠳᠣ ᠬᠤᠭᠤᠴᠠᠭᠠᠨ ᠤ ᠲᠤᠷᠰᠢ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ | ᠠᠵᠢᠯ ᠢ ᠳᠡᠮᠵᠢᠭᠰᠡᠨ ᠬᠤᠪᠢ ᠨᠡᠮᠡᠷᠢ ᠦᠵᠡᠭᠦᠯᠦᠭᠰᠡᠨ ᠳᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ᠂ ᠲᠡᠳᠡᠨ ᠤ | ᠣᠷᠣᠰᠢᠵᠤ ᠪᠠᠶᠢᠭ᠎ᠠ ᠪᠣᠳᠠᠲᠠᠶ ᠬᠦᠴᠢᠷᠳᠡᠯ ᠢ ᠨᠢ ᠨᠠᠷᠢᠨ ᠨᠢᠮᠪᠠᠶ ᠠᠰᠠᠭᠤᠨ ᠯᠠᠪᠯᠠᠵᠤ᠂ ᠲᠡᠳᠡᠨ ᠤ ᠪᠠᠶᠠᠰᠤᠩᠭᠤᠶ ᠰᠡᠳᠬᠢᠯᠭᠡ ᠲᠠᠢ ᠪᠠᠶᠢᠵᠤ᠂ ᠬᠦᠴᠢᠷ ᠪᠡᠷᠬᠡᠰᠢᠶᠡᠯ ᠢ | ᠢᠯᠠᠨ ᠳᠠᠪᠠᠭ᠋ᠤ ᠢᠲᠡᠭᠡᠯ ᠵᠣᠷᠢᠭ ᠢᠶᠠᠨ ᠪᠣᠶ ᠪᠣᠯᠭᠠᠬᠤ ᠶᠢ ᠵᠣᠷᠢᠭᠵᠢᠭᠤᠯᠬᠤ ᠶᠢᠨ ᠬᠠᠮᠲᠤ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠨᠠᠮ ᠤᠨ ᠬᠤᠷᠢᠶ᠎ᠠ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠠᠷᠠᠳ ᠤᠨ ᠴᠠᠭᠳᠠᠭ᠎ᠠ ᠶᠢᠨ ᠬᠡᠷ ᠪᠦᠯᠢ ᠶᠢᠨ ᠬᠢᠨ ᠤ ᠠᠵᠢᠯ ᠠᠮᠢᠳᠤᠷᠠᠯ ᠢ | ᠦᠷᠭᠦᠯᠵᠢᠯᠡᠨ ᠬᠠᠯᠠᠮᠵᠢᠯᠠᠨ ᠠᠩᠬᠠᠷᠴᠤ᠂ ᠡᠯ᠎ᠡ ᠵᠦᠢᠯ ᠤᠨ ᠠᠰᠠᠷᠠᠨ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠡᠷ | ᠪᠦᠯᠢ ᠶᠢᠨ ᠬᠢᠨ ᠳᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠬᠠᠶᠢᠷ᠎ᠠ ᠬᠠᠯᠠᠮᠵᠢ ᠶᠢ ᠢᠮᠠᠭᠲᠠ ᠮᠡᠳᠡᠷᠡᠭᠦᠯᠦᠨ᠎ᠡ ᠭᠡᠵᠦ ᠢᠯᠡᠷᠬᠡᠶᠢᠯᠡᠪᠡ᠃ | | | | | ᠠᠯᠪᠠᠨ ᠶᠠᠪᠤᠳᠠᠯ ᠢᠶᠠᠷ ᠰᠢᠷᠬᠠᠲᠤᠭᠰᠠᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠴᠢ ᠬᠦᠴᠢᠷᠳᠡᠯ ᠲᠠᠢ ᠨᠠᠮ ᠤᠨ ᠭᠡᠰᠢᠭᠦᠨ ᠪᠠ | ᠠᠵᠢᠯ ᠠᠴᠠ ᠪᠠᠨ ᠠᠮᠠᠷᠠᠭᠰᠠᠨ ᠠᠷᠠᠳ ᠤᠨ ᠴᠠᠭᠳᠠᠭ᠎ᠠ ᠶᠢᠨ ᠭᠡᠷ ᠲᠤ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠤᠳᠤᠷᠢᠳᠤᠯᠭ᠎ᠠ ᠠᠴᠠ ᠲᠡᠳᠡᠨ ᠳᠤ ᠵᠣᠬᠢᠶᠠᠨ | ᠪᠠᠶᠢᠭᠤᠯᠤᠯᠲᠠ ᠶᠢᠨ ᠭᠦᠨ ᠵᠤᠵᠠᠭᠠᠨ ᠬᠠᠶᠢᠷ᠎ᠠ ᠬᠠᠯᠠᠮᠵᠢ ᠶᠢ ᠳᠠᠮᠵᠢᠭᠤᠯᠵᠤ᠂ ᠠᠯᠪᠠᠨ ᠶᠠᠪᠤᠳᠠᠯ ᠢᠶᠠᠷ ᠰᠢᠷᠬᠠᠳᠤᠭᠰᠠᠨ ᠬᠠᠪᠰᠤᠷᠤᠭᠴᠢ ᠴᠠᠭᠳᠠᠭ᠎ᠠ᠂ ᠬᠦᠴᠢᠷᠳᠡᠯ ᠲᠠᠢ | ᠨᠠᠮ ᠤᠨ ᠭᠡᠰᠢᠭᠦᠨ ᠢ ᠡᠮᠨᠡᠨ ᠵᠠᠰᠠᠵᠤ ᠡᠳᠡᠭᠡᠷᠡᠭᠰᠡᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠲᠡᠳᠡᠨ ᠤ ᠠᠵᠢᠯ ᠤᠨ ᠳᠤᠮᠳᠠ ᠪᠠᠨ ᠡᠭᠦᠷᠭᠡ ᠲᠤᠰᠢᠶᠠᠯ ᠢᠶᠠᠨ ᠨᠠᠷᠢᠨ | ᠬᠢᠨᠠᠮᠠᠭᠠᠢ ᠭᠦᠢᠴᠡᠳᠬᠡᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠶᠢ ᠭᠦᠢᠴᠡᠳ ᠨᠤᠲᠠᠯᠠᠵᠤ ᠮᠠᠭᠲᠠᠨ ᠰᠠᠶᠢᠰᠢᠶᠠᠭᠰᠠᠨ ᠪᠥᠭᠡᠳ ᠪᠡᠶ᠎ᠡ | ᠰᠡᠳᠬᠢᠯ ᠪᠠᠨ ᠰᠠᠶᠢᠲᠤᠷ ᠲᠣᠬᠢᠷᠠᠭᠤᠯᠵᠤ᠂ ᠡᠮᠴᠢᠯᠡᠭᠡ ᠳᠤ ᠢᠳᠡᠪᠬᠢᠲᠡᠢ ᠬᠠᠮᠵᠢᠯᠴᠠᠵᠤ᠂ ᠡᠷᠲᠡᠬᠡᠨ ᠡᠷᠡᠭᠦᠯᠵᠢᠬᠦ ᠪᠠᠷ ᠴᠢᠷᠮᠠᠶᠢᠬᠤ ᠬᠡᠷᠡᠭᠲᠡᠢ ᠭᠡᠵᠦ ᠵᠠᠬᠢᠪᠠ᠃ |