︽ᠵᠠᠯᠠᠭᠤᠴᠤᠳ ᠪᠣᠯ ᠤᠯᠤᠰ ᠤᠨ ᠢᠷᠡᠭᠡᠳᠦᠢ ᠪᠠ ᠦᠨᠳᠦᠰᠦᠲᠡᠨ ᠤ ᠬᠦᠰᠡᠯ ᠮᠥᠨ᠃︾ ᠶᠡᠷᠦᠩᠬᠡᠢ ᠱᠦᠵᠢ ᠰᠢ ᠶᠢᠨ ᠫᠢᠩ ᠤᠨ ᠰᠡᠳᠬᠢᠯ ᠳᠤ | ᠵᠠᠯᠠᠭᠤᠴᠤᠳ ᠬᠡᠵᠢᠶᠡᠳᠡ ᠴᠢᠬᠤᠯᠠ ᠪᠠᠶᠢᠷᠢ ᠶᠢ ᠡᠵᠡᠯᠡᠵᠦ ᠪᠠᠶᠢᠳᠠᠭ᠃ | 4 ᠳ᠋ᠦ᠋ᠭᠡᠷ ᠰᠠᠷ᠎ᠠ ᠶᠢᠨ 29 ᠤ ᠡᠳᠦᠷ᠂ ᠱᠠᠩᠬᠠᠢ ᠶᠢᠨ ︽ᠮᠥᠸᠧ ᠰᠦ᠋ ᠣᠷᠣᠨ ᠵᠠᠢ︾ ᠲᠣᠮᠣ ᠵᠠᠭᠪᠤᠷ ᠤᠨ ᠰᠢᠨ᠎ᠡ ᠶᠢ ᠡᠭᠦᠳᠬᠦ ᠠᠮᠢ ᠠᠬᠤᠢ ᠶᠢᠨ ᠨᠡᠶᠢᠭᠡᠮ | ᠲᠣᠭᠤᠷᠢᠭ ᠲᠤ᠂ ᠶᠡᠷᠦᠩᠬᠡᠢ ᠱᠦᠵᠢ ᠰᠢᠨ᠎ᠡ ᠶᠢ ᠡᠭᠦᠳᠬᠦ ᠵᠠᠯᠠᠭᠤ ᠴᠢᠳᠠᠪᠤᠷᠢᠲᠠᠨ ᠲᠠᠢ ᠳᠣᠲᠣᠨᠣᠰᠤᠭ ᠢᠶᠠᠷ ᠶᠠᠷᠢᠯᠴᠠᠵᠤ᠂ ᠲᠡᠳᠡᠨ ᠢ ︽ᠬᠤᠪᠢ ᠬᠥᠮᠥᠨ ᠤ | ᠴᠢᠷᠮᠠᠶᠢᠯᠭ᠎ᠠ ᠪᠠᠨ ᠤᠯᠤᠰ ᠤᠨ ᠢᠷᠡᠭᠡᠳᠦᠢ ᠲᠠᠢ ᠨᠢᠭᠲᠠ ᠬᠤᠯᠪᠣᠵᠤ᠂ ᠲᠡᠦᠬᠡ ᠶᠢᠨ ᠪᠤᠤᠬᠢᠶ᠎ᠠ ᠶᠢ ᠰᠠᠶᠢᠲᠤᠷ ᠵᠠᠯᠭᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠠᠭᠤᠳᠠᠮ ᠲᠠᠪᠴᠠᠩ ᠳᠤ ᠵᠠᠯᠠᠭᠤ ᠨᠠᠰᠤᠨ ᠤ ᠬᠡᠷᠡᠯ ᠭᠢᠯᠪᠠᠭ᠎ᠠ ᠪᠠᠨ ᠰᠠᠴᠤᠷᠠᠭᠤᠯᠤᠭᠠᠷᠠᠢ︾ ᠭᠡᠵᠦ ᠵᠣᠷᠢᠭᠵᠢᠭᠤᠯᠪᠠ᠃ | ᠤᠯᠤᠰ ᠢᠶᠠᠨ ᠬᠠᠶᠢᠷᠠᠯᠠᠬᠤ ᠰᠡᠳᠬᠢᠯ ᠡᠪᠦᠷᠯᠡᠨᠡᠮ | ︽ᠥᠷᠭᠡᠨ ᠤᠯᠠᠨ ᠵᠠᠯᠠᠭᠤᠴᠤᠳ ᠬᠦᠰᠡᠯ ᠪᠠ ᠢᠲᠡᠭᠡᠯ ᠢᠶᠠᠨ ᠪᠠᠲᠤᠳᠬᠠᠵᠤ᠂ ᠤᠯᠤᠰ ᠭᠡᠷ ᠤᠨ ᠰᠡᠳᠬᠢᠯᠭᠡ ᠪᠠᠨ ᠨᠡᠮᠡᠭᠳᠡᠭᠦᠯᠦᠨ᠂ ᠴᠠᠭᠠᠷᠠᠭᠰᠠᠨ ᠴᠢᠳᠠᠪᠤᠷᠢ | ᠲᠠᠢ ᠪᠣᠯᠬᠤ ᠪᠠᠷ ᠪᠣᠯᠪᠠᠰᠤᠷᠠᠵᠤ᠂ ᠴᠢᠷᠮᠠᠶᠢᠨ ᠲᠡᠮᠡᠴᠡᠬᠦ ᠵᠣᠷᠢᠭ ᠰᠠᠨᠠᠭ᠎ᠠ ᠪᠠᠨ ᠪᠠᠳᠠᠷᠠᠭᠤᠯᠤᠨ᠂ ᠡᠬᠡ ᠤᠯᠤᠰ ᠪᠠ ᠠᠷᠠᠳ ᠲᠦᠮᠡᠨ ᠤ ᠬᠠᠮᠤᠭ ᠤᠨ ᠬᠡᠷᠡᠭᠴᠡᠭᠡ ᠲᠠᠢ | ᠭᠠᠵᠠᠷ ᠲᠤ ᠬᠦᠷᠴᠦ ᠡᠷᠳᠡᠮ ᠴᠢᠳᠠᠪᠤᠷᠢ ᠪᠠᠨ ᠭᠠᠷᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠵᠠᠯᠠᠭᠤ | ᠨᠠᠰᠤᠨ ᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ᠃︾ ᠡᠨᠡ ᠵᠢᠯ ᠤᠨ ᠲᠠᠪᠤᠨ ᠰᠠᠷ᠎ᠠ ᠶᠢᠨ ᠳᠦᠷᠪᠡᠨ ᠤ ᠵᠠᠯᠠᠭᠤᠴᠤᠳ ᠤᠨ ᠪᠠᠶᠠᠷ ᠬᠦᠷᠴᠦ ᠢᠷᠡᠬᠦ | ᠲᠠᠰᠢᠷᠠᠮ ᠢᠶᠠᠷ᠂ ᠶᠡᠷᠦᠩᠬᠡᠢ ᠱᠦᠵᠢ ᠰᠢ ᠶᠢᠨ ᠫᠢᠩ ᠰᠢᠨᠵᠢᠶᠠᠩ ᠤᠨ ᠠᠲ᠋ᠦ᠋ᠱ ᠬᠤᠲᠠ ᠶᠢᠨ ᠺᠠᠷᠠ ᠵᠢᠶᠦ᠋ᠨ ᠰᠢᠶᠠᠩ ᠤᠨ ᠰᠢᠶ᠋ᠸᠶ᠋ᠢᠲ᠋ᠧ ᠪᠠᠭ᠎ᠠ ᠰᠤᠷᠭᠠᠭᠤᠯᠢ ᠶᠢᠨ | ᠬᠢᠯᠢ ᠬᠢᠵᠠᠭᠠᠷ ᠢ ᠰᠠᠬᠢᠨ ᠬᠠᠮᠠᠭᠠᠯᠠᠵᠤ ᠰᠤᠷᠭᠠᠨ ᠬᠥᠮᠦᠵᠢᠯ ᠤᠨ ᠦᠢᠯᠡᠰ ᠢ ᠳᠡᠮᠵᠢᠬᠦ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠳᠤᠷᠠᠴᠤᠳ ᠤᠨ | ᠦᠢᠯᠡᠴᠢᠯᠡᠭᠡᠨ ᠤ ᠠᠩᠭᠢ ᠶᠢᠨ ᠪᠦᠬᠦ ᠭᠡᠰᠢᠭᠦᠳ ᠲᠤ ᠬᠠᠷᠢᠭᠤ ᠵᠠᠬᠢᠳᠠᠯ ᠪᠢᠴᠢᠵᠦ᠂ ᠪᠦᠬᠦ ᠤᠯᠤᠰ ᠤᠨ ᠥᠷᠭᠡᠨ ᠤᠯᠠᠨ ᠵᠠᠯᠠᠭᠤᠴᠤᠳ ᠲᠤ ᠪᠠᠶᠠᠷ ᠬᠦᠷᠭᠡᠭᠰᠡᠨ ᠤ | ᠬᠠᠮᠲᠤ ᠴᠢᠩ ᠰᠡᠳᠬᠢᠯ ᠠᠴᠠ ᠪᠠᠨ ᠬᠦᠰᠡᠯ ᠨᠠᠶᠢᠳᠠᠯᠭ᠎ᠠ ᠲᠠᠯᠪᠢᠵᠠᠢ᠃ | ᠤᠯᠤᠰ ᠲᠤ ᠪᠠᠨ ᠵᠢᠳᠬᠦᠬᠦ ᠵᠣᠷᠢᠭ ᠢᠶᠠᠨ ᠡᠷᠴᠢᠯᠡᠨᠡᠮ | ︽ᠵᠣᠬᠢᠶᠠᠮᠠᠯ ᠣᠶᠤᠨ ᠪᠣᠯ ᠰᠢᠨ᠎ᠡ ᠪᠠᠷ ᠥᠷᠨᠢᠵᠦ ᠪᠠᠶᠢᠭ᠎ᠠ ᠠᠵᠢᠯ ᠦᠢᠯᠡᠰ ᠮᠥᠷᠲᠡᠭᠡᠨ ᠵᠠᠯᠠᠭᠤᠴᠤᠳ ᠤᠨ ᠠᠵᠢᠯ ᠦᠢᠯᠡᠰ ᠪᠣᠯᠣᠨ᠎ᠠ︾᠃ ᠶᠡᠷᠦᠩᠬᠡᠢ | ᠱᠦᠵᠢ ᠰᠢ ᠶᠢᠨ ᠫᠢᠩ ᠬᠡᠯᠡᠬᠦ ᠳᠤ ᠪᠠᠨ᠂ ︽ᠪᠢᠳᠡ ᠶᠠᠭ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠠᠭᠤᠤ ᠦᠢᠯᠡᠰ ᠢ ᠪᠥᠬᠦ ᠲᠠᠯ᠎ᠠ ᠪᠠᠷ ᠠᠬᠢᠭᠤᠯᠵᠤ ᠪᠠᠶᠢᠨ᠎ᠠ᠂ ᠡᠨᠡ ᠨᠢ ᠶᠠᠭ ᠵᠠᠯᠠᠭᠤ ᠨᠢᠭᠡ ᠦᠶ᠎ᠡ ᠶᠢᠨ ᠬᠢᠨ ᠤ ᠠᠪᠢᠶᠠᠰ ᠢᠶᠠᠨ ᠭᠠᠶᠢᠬᠠᠭᠤᠯᠵᠤ᠂ | ᠡᠷᠳᠡᠮ ᠢᠶᠠᠨ ᠪᠠᠳᠠᠷᠠᠭᠤᠯᠬᠤ ᠰᠠᠶᠢᠨ ᠴᠠᠭ ᠮᠥᠨ︾ ᠭᠡᠵᠡᠢ᠃ | ᠤᠯᠤᠰ ᠢᠶᠠᠨ ᠬᠦᠴᠦᠷᠬᠡᠭᠵᠢᠭᠦᠯᠬᠦ ᠴᠢᠳᠠᠪᠤᠷᠢ ᠪᠠᠨ ᠴᠢᠩᠭᠠᠷᠠᠭᠤᠯᠤᠨᠠᠮ | ︽ᠪᠢᠳᠡ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠬᠠᠷᠠᠯᠲᠠ ᠳᠤ ᠲᠡᠦᠬᠡᠨ ᠳᠡᠭᠡᠷᠡᠬᠢ ᠠᠯᠢ ᠨᠢᠭᠡ ᠦᠶ᠎ᠡ ᠠᠴᠠ ᠴᠦ ᠨᠡᠩ | ᠢᠯᠡᠭᠦᠦ ᠣᠶᠢᠷᠠᠳᠴᠤ ᠪᠣᠢ᠂ ᠶᠡᠷᠦ ᠠᠴᠠ ᠣᠳᠣ ᠶᠢᠨ ᠬᠢ ᠰᠢᠭ ᠢᠩᠭᠢᠵᠦ ᠣᠶᠢᠷᠠᠲᠤᠵᠤ ᠦᠵᠡᠭᠡ ᠦᠭᠡᠢ ᠶᠤᠮ᠃ ᠵᠠᠯᠠᠭᠤᠴᠤᠳ ᠲᠠ ᠨᠠᠷ ᠠᠭᠤᠤ ᠶᠡᠭᠡ ᠴᠠᠭ | ᠦᠶ᠎ᠡ ᠳᠤ ᠣᠷᠣᠰᠢᠵᠤ᠂ ᠡᠶᠢᠮᠦ ᠠᠭᠤᠤ ᠶᠡᠭᠡ ᠬᠠᠷᠠᠯᠲᠠ ᠲᠠᠢ ᠪᠠᠶᠢᠨ᠎ᠠ᠂ ᠴᠠᠭ ᠤᠨ ᠰᠠᠶᠢᠨ ᠢ ᠠᠮᠵᠢᠨ ᠲᠡᠭᠦᠨ ᠤ ᠲᠥᠯᠥᠭᠡ ᠲᠡᠮᠡᠴᠡᠭᠡᠷᠡᠢ︕︾ | ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠨᠢ ᠰᠢᠨ᠎ᠡ ᠴᠠᠭ ᠦᠶ᠎ᠡ ᠶᠢᠨ ᠵᠠᠯᠠᠭᠤᠴᠤᠳ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠡᠯ᠎ᠡ ᠬᠦᠷᠢᠶ᠎ᠡ ᠡᠯ᠎ᠡ ᠲᠠᠯ᠎ᠠ ᠶᠢᠨ ᠠᠵᠢᠯ ᠤᠨ ᠳᠤᠮᠳᠠ ᠡᠷᠡᠰ | ᠰᠢᠭᠤᠷᠬᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠵᠠᠯᠠᠭᠤ ᠨᠠᠰᠤᠨ ᠤ ᠴᠤᠭ ᠵᠢᠪᠬᠤᠭ᠎ᠠ ᠪᠠᠨ ᠢᠯᠡᠷᠡᠭᠦᠯᠬᠦ ᠶᠢ ᠵᠣᠷᠢᠭᠵᠢᠭᠤᠯᠤᠭᠰᠠᠨ ᠪᠠᠶᠢᠨ᠎ᠠ᠃ | |