ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠶ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠪᠡᠷᠲᠡᠭᠡᠨ | ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠪᠠᠶᠢᠭᠤᠯᠭ᠎ᠠ ᠶᠢᠨ ᠲᠤᠰᠬᠠᠶ ᠲᠤᠰᠢᠶᠠᠯᠲᠤ ᠨᠠᠮ ᠤᠨ ᠠᠵᠢᠯ ᠤᠨ ᠺᠠᠳ᠋ᠷ ᠤᠨ ᠤᠯᠤᠰ ᠲᠥᠷᠥ ᠶᠢᠨ | ᠣᠨᠣᠯ ᠤᠨ ᠬᠢᠷᠢ ᠲᠦᠪᠰᠢᠨ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠦᠢᠯᠡᠳᠦᠯᠭᠡ ᠶᠢᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢᠨ ᠲᠥᠯᠥᠭᠡ᠂ | 4 ᠰᠠᠷ᠎ᠠ ᠶᠢᠨ 21 ᠤ ᠡᠳᠦᠷ ᠠᠴᠠ 25 ᠤ ᠡᠳᠦᠷ ᠪᠣᠯᠲᠠᠯ᠎ᠠ᠂ ᠳᠣᠲᠣᠭᠠᠳᠤ ᠶᠢ ᠬᠠᠮᠠᠭᠠᠯᠠᠬᠤ ᠲᠢᠩᠬᠢᠮ ᠥᠪᠥᠷ ᠮᠣᠩᠭᠤᠯ ᠤᠨ ᠴᠠᠭᠳᠠᠭ᠎ᠠ ᠶᠢᠨ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠳᠤ ᠲᠤᠰᠬᠠᠶ ᠲᠤᠰᠢᠶᠠᠯᠲᠤ ᠨᠠᠮ ᠤᠨ ᠠᠵᠢᠯ ᠤᠨ ᠺᠠᠳ᠋ᠷ ᠤᠨ ᠣᠨᠣᠯ ᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠭᠢᠯᠡᠵᠦ᠂ | ᠲᠢᠩᠬᠢᠮ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ 50 ᠲᠤᠰᠬᠠᠶ ᠲᠤᠰᠢᠶᠠᠯᠲᠤ ᠨᠠᠮ ᠤᠨ ᠠᠵᠢᠯ ᠤᠨ ᠺᠠᠳ᠋ᠷ ᠪᠣᠯᠪᠠᠰᠤᠷᠠᠯ ᠳᠤ ᠣᠷᠣᠯᠴᠠᠪᠠ᠃ | | | | ᠪᠣᠯᠪᠠᠰᠤᠷᠠᠯ ᠤᠨ ᠠᠩᠭᠢ ᠨᠢ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠲᠤᠰᠬᠠᠶ ᠮᠡᠷᠭᠡᠵᠢᠯᠲᠡᠨ᠂ ᠡᠷᠳᠡᠮᠲᠡᠳ ᠢ ᠤᠷᠢᠵᠤ ᠶᠡᠷᠦᠩᠬᠡᠶ ᠱᠦᠵᠢ | ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠲᠠᠶᠢᠯᠤᠮᠵᠢ ᠬᠢᠯᠭᠡᠵᠦ᠂ ᠲᠥᠪ ᠤᠨ ᠨᠠᠢᠮᠠᠨ ᠲᠣᠭᠲᠠᠭᠠᠯ ᠤᠨ | ᠵᠣᠷᠢᠭ ᠰᠠᠨᠠᠭ᠎ᠠ ᠵᠢᠴᠢ ᠲᠡᠭᠦᠨ ᠤ ᠭᠦᠨᠵᠡᠭᠡᠶ ᠠᠭᠤᠯᠤᠭᠳᠠᠬᠤᠨ ᠢ ᠰᠢᠰᠲ᠋ᠧᠮ ᠲᠠᠢ ᠲᠠᠶᠢᠯᠪᠤᠷᠢᠯᠠᠪᠠ᠃ ᠪᠠᠭᠰᠢ ᠨᠠᠷ ᠨᠠᠷᠢᠨ ᠪᠣᠳᠠᠲᠠᠶ ᠬᠡᠷᠡᠭ ᠤᠨ ᠵᠢᠱᠢᠶ᠎ᠡ᠂ ᠭᠦᠨᠵᠡᠭᠡᠶ | ᠪᠥᠭᠡᠳ ᠣᠶᠢᠯᠠᠭᠠᠮᠵᠢᠲᠠᠶ ᠲᠠᠶᠢᠯᠤᠮᠵᠢ ᠬᠢᠬᠦ ᠪᠠᠷ ᠳᠠᠮᠵᠢᠭᠤᠯᠤᠨ᠂ ᠰᠤᠷᠤᠭᠴᠢᠳ ᠢ ᠬᠥᠲᠥᠯᠥᠨ ᠵᠢᠯᠣᠭᠤᠳᠴᠤ ᠰᠢᠨ᠎ᠡ ᠴᠠᠭ ᠦᠶ᠎ᠡ ᠶᠢᠨ ᠨᠠᠮ ᠤᠨ | ᠪᠠᠶᠢᠭᠤᠯᠤᠯᠲᠠ ᠶᠢᠨ ᠶᠡᠷᠦᠩᠬᠡᠶ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠭᠦᠯᠵᠦ᠂ ᠨᠠᠮ ᠤᠨ ᠲᠥᠪ ᠬᠤᠷᠢᠶᠠᠨ ᠤ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠡᠷᠡᠰ | ᠵᠣᠷᠢᠭ ᠢ ᠭᠦᠨᠵᠡᠭᠡᠶ ᠣᠶᠢᠯᠠᠭᠠᠭᠤᠯᠵᠤ᠂ ᠨᠠᠮ ᠤᠨ ᠠᠵᠢᠯ ᠤᠨ ᠺᠠᠳ᠋ᠷᠴᠤᠳ ᠤᠨ ᠨᠠᠮ ᠤᠨ ᠰᠢᠨ᠎ᠡ ᠶᠢ ᠡᠭᠦᠳᠬᠦ ᠣᠨᠣᠯ ᠢᠶᠠᠷ ᠦᠢᠯᠡᠳᠦᠯᠭᠡ ᠪᠠᠨ ᠵᠢᠯᠣᠭᠤᠳᠬᠤ | ᠴᠢᠳᠠᠪᠤᠷᠢ ᠶᠢ ᠳᠡᠭᠡᠭᠰᠢᠯᠡᠭᠦᠯᠵᠦ᠂ ︽ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠥᠭᠦᠯᠡᠯᠲᠡ ᠶᠢᠨ ᠲᠡᠭᠦᠪᠦᠷᠢ︾᠂ | ᠨᠢᠭᠤᠴᠠ ᠶᠢ ᠬᠠᠮᠠᠭᠠᠯᠠᠬᠤ ᠬᠥᠮᠦᠵᠢᠯ᠂ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠲᠦᠷᠢᠮ ᠤᠨ ᠲᠠᠶᠢᠯᠤᠮᠵᠢ ᠵᠡᠷᠭᠡ ᠠᠭᠤᠯᠭ᠎ᠠ ᠶᠢ ᠬᠠᠮᠲᠤ ᠳᠤ ᠨᠢ | ᠳᠣᠭᠢᠷᠠᠭᠤᠯᠤᠨ ᠰᠤᠷᠤᠯᠴᠠᠭᠤᠯᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠣᠨᠣᠯ ᠤᠨ ᠰᠠᠭᠤᠷᠢ ᠪᠠᠨ ᠭᠦᠨᠵᠡᠭᠡᠶᠢᠷᠡᠭᠦᠯᠪᠡ᠃ | | | | ᠨᠠᠮ ᠤᠨ ᠠᠵᠢᠯ ᠤᠨ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠶᠢᠨ ᠤᠳᠤᠷᠢᠳᠬᠤ ᠺᠠᠳ᠋ᠷ | ᠪᠠ ᠬᠥᠬᠡᠬᠤᠲᠠ ᠶᠢᠨ ᠠᠷᠠᠳ ᠤᠨ ᠴᠠᠭᠳᠠᠭ᠎ᠠ ᠶᠢᠨ ᠪᠣᠯᠪᠠᠰᠤᠷᠠᠯ ᠤᠨ ᠰᠤᠷᠭᠠᠭᠤᠯᠢ ᠶᠢᠨ ᠰᠤᠷᠭᠠᠭᠴᠢ ᠶᠢᠨ ᠪᠦᠯᠬᠦᠮ ᠢ ᠤᠷᠢᠵᠤ᠂ ᠪᠠᠶᠢᠭᠤᠯᠭ᠎ᠠ ᠶᠢᠨ ᠨᠠᠮ ᠤᠨ | ᠪᠠᠶᠢᠭᠤᠯᠤᠯᠲᠠ ᠶᠢᠨ ᠪᠣᠳᠠᠲᠤ ᠶᠠᠪᠤᠳᠠᠯ᠂ ᠦᠨᠳᠦᠰᠦᠨ ᠱᠠᠲᠤᠨ ᠤ ᠨᠠᠮ ᠤᠨ ᠪᠣᠳᠠᠲᠠᠶ ᠶᠢ ᠡᠷᠬᠢᠮᠯᠡᠬᠦ ᠬᠢᠴᠢᠶᠡᠯ ᠤᠨ ᠲᠣᠭᠤᠷᠢᠨ ᠳᠤ᠂ ︽ᠣᠨᠣᠯ + ᠪᠣᠳᠠᠲᠤ | ᠠᠵᠢᠯᠯᠠᠭ᠎ᠠ︾ ᠶᠢᠨ ᠠᠷᠭ᠎ᠠ ᠮᠠᠶ᠋ᠢᠭ ᠢᠶᠠᠷ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠬᠤᠭᠤᠴᠠᠭ᠎ᠠ ᠰᠣᠯᠢᠬᠤ ᠰᠣᠩᠭᠤᠭᠤᠯᠢ᠂ ᠵᠣᠬᠢᠶᠠᠨ ᠪᠠᠶᠢᠭᠤᠯᠤᠯᠲᠠ ᠶᠢᠨ | ᠠᠮᠢᠳᠤᠷᠠᠯ ᠤᠨ ᠬᠤᠷᠠᠯ᠂ ᠨᠠᠮ ᠤᠨ ᠭᠡᠰᠢᠭᠦᠨ ᠡᠯᠰᠡᠬᠦ ᠵᠡᠷᠭᠡ ᠡᠳᠦᠷ ᠲᠤᠳᠤᠮ ᠤᠨ ᠠᠵᠢᠯ ᠲᠠᠢ ᠨᠢᠭᠲᠠ ᠬᠤᠯᠪᠣᠭ᠎ᠠ ᠲᠠᠢ ᠠᠭᠤᠯᠭ᠎ᠠ ᠳᠤ ᠰᠢᠰᠲ᠋ᠧᠮ ᠲᠠᠢ ᠪᠥᠭᠡᠳ | ᠭᠦᠨᠵᠡᠭᠡᠢ ᠤᠨᠤᠯ ᠤᠨ ᠲᠠᠶᠢᠯᠤᠮᠵᠢ ᠬᠢᠬᠦ ᠪᠠ ᠪᠦᠬᠦ ᠶᠠᠪᠤᠴᠠ ᠳᠤ ᠳᠠᠭᠤᠷᠢᠶᠠᠮᠠᠯ ᠪᠣᠳᠠᠲᠤ ᠠᠵᠢᠯᠯᠠᠭ᠎ᠠ ᠬᠢᠵᠦ᠂ ᠰᠤᠷᠤᠭᠴᠢ ᠪᠣᠯᠭᠠᠨ ᠪᠦᠷ ᠣᠷᠣᠯᠴᠠᠬᠤ᠂ ᠵᠦᠢᠯ | ᠳᠠᠷᠠᠭᠠᠯᠠᠨ ᠪᠣᠯᠪᠠᠰᠤᠷᠠᠬᠤ᠂ ᠳᠤᠲᠠᠭᠳᠠᠯ ᠢᠶᠠᠨ ᠨᠥᠬᠦᠪᠥᠷᠢᠯᠡᠬᠦ᠂ ᠬᠡᠷᠡᠭ ᠤᠨ ᠲᠠᠯᠠᠪᠠᠢ ᠶᠢᠨ ᠲᠥᠭᠡᠷᠢᠭᠳᠡᠯ ᠢ ᠲᠠᠶᠢᠯᠬᠤ ᠶᠢ ᠪᠠᠲᠤᠯᠠᠵᠤ᠂ ᠰᠤᠷᠤᠭᠴᠢᠳ ᠲᠤ | ᠦᠨᠳᠦᠰᠦᠨ ᠱᠠᠲᠤᠨ ᠤ ᠨᠠᠮ ᠤᠨ ᠠᠵᠢᠯ ᠤᠨ ᠶᠠᠪᠤᠴᠠ ᠪᠠ ᠠᠷᠭ᠎ᠠ ᠶᠢ ᠡᠵᠡᠮᠰᠢᠭᠦᠯᠵᠦ᠂ ᠰᠤᠷᠤᠭᠴᠢᠳ ᠤᠨ ᠪᠣᠳᠠᠲᠠᠶ ᠠᠵᠢᠯᠯᠠᠬᠤ ᠴᠢᠳᠠᠪᠤᠷᠢ ᠪᠠ ᠲᠤᠬᠠᠶᠢᠯᠠᠭᠰᠠᠨ | ᠠᠵᠢᠯ ᠤᠨ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠪᠡ᠃ | ᠲᠣᠰ ᠤᠳᠠᠭᠠᠨ ᠤ ᠪᠣᠯᠪᠠᠰᠤᠷᠠᠯ ᠨᠢ ᠲᠤᠰᠬᠠᠶ ᠲᠤᠰᠢᠶᠠᠯᠲᠤ ᠨᠠᠮ ᠤᠨ ᠠᠵᠢᠯ ᠤᠨ ᠺᠠᠳ᠋ᠷᠴᠤᠳ ᠤᠨ ᠣᠨᠣᠯ ᠦᠢᠯᠡᠳᠦᠯᠭᠡ ᠶᠢᠨ ᠴᠢᠳᠠᠪᠤᠷᠢ ᠶᠢ | ᠳᠡᠭᠡᠭᠰᠢᠯᠡᠭᠦᠯᠬᠦ ᠶᠢ ᠴᠢᠬᠤᠯᠠᠴᠢᠯᠠᠬᠤ ᠪᠠᠷ ᠪᠠᠷᠠᠬᠤ ᠥᠬᠡᠶ᠂ ᠨᠠᠩ ᠴᠤ ᠨᠠᠮᠴᠢ ᠴᠢᠨᠠᠷ ᠤᠨ ᠪᠣᠯᠪᠠᠰᠤᠷᠠᠯ ᠢ ᠪᠣᠯᠪᠠᠰᠤᠷᠠᠯ ᠤᠨ ᠴᠢᠬᠤᠯᠠ ᠠᠭᠤᠯᠭ᠎ᠠ ᠪᠣᠯᠭᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ᠂ ᠠᠷᠠᠳ ᠤᠨ ᠴᠠᠭᠳᠠᠭ᠎ᠠ ᠶᠢᠨ ᠦᠨᠡᠨᠴᠢ ᠰᠢᠳᠤᠷᠭᠤ ᠪᠠᠶᠢᠬᠤ ᠬᠥᠮᠦᠵᠢᠯ ᠢ ᠪᠠᠲᠤ | ᠴᠣᠭᠴᠠᠯᠠᠬᠤ ᠲᠠᠢ ᠤᠶᠠᠯᠳᠤᠭᠤᠯᠤᠨ᠂ ︽ᠰᠦᠨ ᠳᠠᠯᠠᠢ ᠶᠢᠨ ᠵᠢᠷᠭᠡᠯᠭᠡ︾᠂ ︽ᠦᠨᠡᠨᠴᠢ ᠰᠢᠳᠤᠷᠭᠤ ᠪᠠᠷ ᠴᠠᠭᠳᠠᠭᠠᠨ ᠤ ᠰᠦᠭ ᠰᠦᠨᠡᠰᠦ ᠶᠢ ᠴᠣᠭᠴᠠᠯᠠᠬᠤ︾ | ᠵᠡᠷᠭᠡ ᠺᠢᠨᠣ᠋ ᠲᠧᠯᠸᠢᠰ ᠤᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠲᠣᠬᠢᠷᠠᠭᠤᠯᠵᠤ᠂ ᠬᠦᠰᠡᠯᠡᠩ ᠢᠲᠡᠭᠡᠯ ᠵᠣᠷᠢᠭ ᠢᠶᠠᠨ ᠤᠯᠠᠮ ᠨᠢᠭᠡ ᠠᠯᠬᠤᠮ | ᠪᠠᠲᠤᠳᠬᠠᠨ᠂ ᠨᠠᠮᠴᠢ ᠴᠢᠨᠠᠷ ᠤᠨ ᠦᠵᠡᠯᠲᠡ ᠪᠠᠨ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ᠂ ᠦᠨᠡᠨᠴᠢ ᠰᠢᠳᠤᠷᠭᠤ ᠡᠭᠦᠷᠭᠡ | ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠴᠢᠩᠭᠠᠳᠬᠠᠪᠠ᠃ | | | | ᠰᠤᠷᠤᠭᠴᠢᠳ᠂ ᠡᠨᠡ ᠤᠳᠠᠭ᠎ᠠ ᠶᠢᠨ ᠪᠣᠯᠪᠠᠰᠤᠷᠠᠯ ᠢᠶᠠᠷ ᠠᠵᠠ ᠲᠣᠬᠢᠶᠠᠯ ᠪᠣᠯᠭᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢᠨ | ᠰᠤᠷᠤᠯᠴᠠᠯᠭ᠎ᠠ ᠬᠥᠮᠦᠵᠢᠯ ᠢ ᠭᠦᠨᠵᠡᠭᠡᠢ ᠲᠤᠭᠤᠰᠢᠯᠠᠭᠤᠯᠵᠤ᠂ ᠰᠤᠷᠤᠯᠴᠠᠯᠭ᠎ᠠ ᠪᠠᠨ ᠭᠦᠨᠵᠡᠭᠡᠶᠢᠷᠡᠭᠦᠯᠵᠦ᠂ ᠲᠠᠨᠢᠯᠲᠠ ᠪᠠᠨ ᠳᠡᠭᠡᠭᠰᠢᠯᠡᠭᠦᠯᠵᠦ᠂ ᠦᠢᠯᠡᠳᠦᠯᠭᠡ ᠪᠠᠨ | ᠲᠡᠷᠢᠭᠦᠨ ᠳᠤ ᠲᠠᠯᠪᠢᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠰᠢᠨ᠎ᠡ ᠠᠷᠭ᠎ᠠ ᠵᠠᠮ᠂ ᠰᠢᠨ᠎ᠡ ᠠᠷᠭ᠎ᠠ ᠶᠢ ᠴᠢᠷᠮᠠᠶᠢᠨ ᠰᠦᠪᠡᠭᠴᠢᠯᠡᠵᠦ᠂ ᠥᠨᠳᠥᠷ | ᠪᠠᠷᠢᠮᠵᠢᠶᠠᠲᠤ ᠨᠠᠮ ᠤᠨ ᠪᠠᠶᠢᠭᠤᠯᠤᠯᠲᠠ ᠪᠠᠷ ᠳᠣᠲᠣᠭᠠᠳᠤ ᠶᠢ ᠬᠠᠮᠠᠭᠠᠯᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠬᠦᠳᠦᠯᠦᠨ ᠳᠠᠭᠠᠭᠤᠯᠵᠤ᠂ ᠥᠪᠡᠷᠲᠡᠭᠡᠨ | ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠢ ᠰᠠᠶᠢᠲᠤᠷ ᠪᠡᠶᠡᠯᠡᠭᠦᠯᠬᠦ ᠳᠤ ᠳᠣᠲᠣᠭᠠᠳᠤ ᠶᠢ ᠬᠠᠮᠠᠭᠠᠯᠠᠬᠤ ᠬᠦᠴᠦᠨ ᠴᠢᠳᠠᠯ ᠢᠶᠠᠨ ᠡᠷᠭᠦᠨ᠎ᠡ ᠭᠡᠵᠦ | ᠢᠯᠡᠳᠬᠡᠵᠡᠭᠡᠪᠡ᠃ |