ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ︽ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ︿ᠨᠠᠮ ᠤᠨ ᠪᠠᠶᠢᠭᠤᠯᠤᠯᠲᠠ ᠶᠢ ᠠᠳᠬᠤᠬᠤ᠂ ᠬᠡᠪ ᠴᠢᠨᠠᠷ ᠢ ᠴᠢᠩᠭᠠᠳᠬᠠᠬᠤ᠂ ᠰᠤᠷᠲᠠᠯ ᠢ ᠴᠡᠭᠴᠡᠯᠡᠬᠦ᠂ ᠳᠦᠷᠢ ᠲᠥᠷᠬᠦ ᠶᠢ ᠪᠣᠶ ᠪᠣᠯᠭᠠᠬᠤ﹀ | ᠲᠤᠰᠬᠠᠶ ᠠᠵᠢᠯᠯᠠᠭ᠎ᠠ ᠶᠢ ᠦᠷᠭᠦᠯᠵᠢᠯᠡᠨ ᠠᠬᠢᠭᠤᠯᠬᠤ ᠲᠥᠰᠦᠯ︾ ᠤᠨ ᠪᠠᠶᠢᠷᠢᠯᠠᠭᠤᠯᠤᠯᠲᠠ ᠶᠣᠰᠣᠭᠠᠷ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ︽ᠰᠤᠷᠲᠠᠯ ᠢ ᠴᠡᠭᠴᠡᠯᠡᠬᠦ︾ ᠰᠢᠷᠢᠰ ᠠᠷᠭ᠎ᠠ ᠬᠡᠮᠵᠢᠶ᠎ᠡ ᠶᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ | ᠰᠤᠷᠤᠯᠴᠠᠯᠭ᠎ᠠ ᠬᠥᠮᠦᠵᠢᠯ ᠪᠣᠯᠭᠠᠵᠤ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ | ᠵᠠᠰᠠᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠤᠰᠬᠠᠶ ᠠᠵᠢᠯᠯᠠᠭ᠎ᠠ ᠵᠡᠷᠭᠡ ᠠᠵᠢᠯ ᠤᠨ ᠪᠦᠲᠦᠮᠵᠢᠲᠡᠶ | ᠠᠴᠢᠶᠠᠯᠠᠪᠤᠷᠢ ᠪᠠ ᠴᠢᠬᠤᠯᠠ ᠭᠠᠷᠳᠠᠴᠠ ᠪᠣᠯᠭᠠᠵᠤ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠳᠣᠪᠤᠶᠢᠯᠭᠠᠨ᠂ ᠭᠦᠨᠵᠡᠭᠡᠶ | ᠤᠶᠠᠯᠳᠤᠭᠤᠯᠵᠤ᠂ ᠨᠢᠭᠡ ᠴᠣᠭᠴᠠᠵᠢᠭᠤᠯᠤᠨ ᠬᠦᠴᠦᠯᠡᠵᠦ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠬᠢᠷᠢ ᠲᠦᠪᠰᠢᠨ ᠪᠠ ᠬᠠᠤᠯᠢ | ᠬᠡᠷᠡᠭᠵᠢᠭᠦᠯᠦᠯᠲᠡ ᠶᠢᠨ ᠣᠯᠠᠨ ᠨᠡᠶᠢᠲᠡ ᠶᠢ ᠢᠲᠡᠭᠡᠭᠦᠯᠬᠦ ᠬᠦᠴᠦᠨ ᠤ ᠲᠣᠭᠲᠠᠭᠤᠨ ᠢᠶᠠᠷ ᠳᠡᠭᠡᠭᠰᠢᠯᠡᠬᠦ ᠶᠢ ᠦᠷᠭᠦᠯᠵᠢᠯᠡᠨ ᠠᠬᠢᠭᠤᠯᠪᠠ᠃ | | | | ᠣᠨᠣᠯ ᠤᠨ ᠰᠠᠭᠤᠷᠢ ᠶᠢ ᠪᠠᠲᠤᠳᠬᠠᠵᠤ ᠰᠠᠬᠢᠯᠭ᠎ᠠ ᠪᠠᠲᠤ ᠣᠪᠣᠷ ᠰᠤᠷᠲᠠᠯ ᠤᠨ ︽ᠵᠦᠭᠯᠡᠭᠦᠷ︾ ᠢ ᠲᠣᠭᠲᠠᠪᠤᠷᠢᠵᠢᠭᠤᠯᠪᠠ᠃ | ᠤᠨᠤᠯ ᠪᠣᠯ ᠠᠵᠢᠯᠯᠠᠭ᠎ᠠ ᠶᠢᠨ ᠤᠳᠤᠷᠢᠳᠤᠮᠵᠢ ᠮᠥᠨ᠂ ᠦᠵᠡᠯ ᠰᠠᠨᠠᠭ᠎ᠠ ᠪᠣᠯ ᠤᠷᠤᠭᠰᠢᠯᠠᠯᠲᠠ ᠶᠢᠨ ᠲᠤᠭ ᠲᠡᠮᠳᠡᠭ ᠮᠥᠨ᠃ ᠪᠥᠬᠦ ᠣᠷᠣᠨ ᠤ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠨᠠᠷᠢᠨ ᠬᠢᠨᠠᠮᠠᠭᠠᠶ ᠥᠷᠨᠢᠭᠦᠯᠪᠡ᠃ | ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠳᠡᠭᠡᠳᠦ ᠱᠠᠳᠤ ᠨᠢ ᠲᠤᠤᠷᠠᠳᠤ ᠱᠠᠳᠤ ᠪᠠᠨ ᠳᠠᠭᠠᠭᠤᠯᠬᠤ ᠶᠢ ᠪᠠᠷᠢᠮᠲᠠᠯᠠᠵᠤ᠂ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠲᠤᠰᠬᠠᠢ ᠰᠡᠳᠦᠪᠲᠦ ᠨᠣᠮ ᠤᠩᠰᠢᠬᠤ ᠠᠩᠭᠢ ᠡᠷᠬᠢᠯᠡᠵᠤ᠂ ᠤᠨᠤᠯ ᠰᠤᠷᠤᠯᠴᠠᠬᠤ ᠭᠤᠣᠯ | ᠳᠤᠭᠤᠶᠢᠯᠠᠩ ᠤᠨ ᠰᠤᠷᠤᠯᠴᠠᠯᠭ᠎ᠠ ᠪᠠ ᠰᠤᠳᠤᠯᠤᠨ ᠶᠠᠷᠢᠯᠴᠠᠭ᠎ᠠ ᠶᠢ ᠥᠷᠨᠢᠭᠦᠯᠪᠡ︔ ᠵᠠᠯᠠᠭᠤ ᠺᠠᠳ᠋ᠷ ᠪᠠ ᠭᠤᠤᠯᠳᠠᠯᠭ᠎ᠠ ᠲᠠᠢ ᠠᠵᠢᠯ ᠤᠨ ᠪᠠᠶᠢᠷᠢ ᠶᠢᠨ ᠬᠥᠮᠥᠰ ᠢ | ᠳᠡᠭᠡᠳᠦ ᠬᠡᠮᠵᠢᠶ᠎ᠡ ᠪᠠᠷ ᠠᠩᠬᠠᠷᠴᠤ᠂ 4 ᠰᠠᠷ᠎ᠠ ᠶᠢᠨ 18 ᠤ ᠡᠳᠦᠷ ᠵᠠᠯᠠᠭᠤᠴᠤᠳ ᠤᠨ ᠣᠨᠣᠯ ᠰᠤᠷᠤᠯᠴᠠᠬᠤ ᠳᠤᠭᠤᠶᠢᠯᠠᠩ ᠢ ᠵᠣᠬᠢᠶᠠᠨ ᠪᠠᠶᠢᠭᠤᠯᠵᠤ ᠲᠤᠰᠬᠠᠶ | ᠰᠡᠳᠦᠪ ᠢᠶᠠᠷ ᠰᠤᠷᠤᠯᠴᠠᠨ ᠰᠤᠳᠤᠯᠵᠤ᠂ 4 ᠰᠠᠷ᠎ᠠ ᠶᠢᠨ 29 ᠤ ᠡᠳᠦᠷ ᠵᠠᠯᠠᠭᠤ ᠺᠠᠳ᠋ᠷ ᠪᠠ ᠭᠤᠤᠯᠳᠠᠯᠭ᠎ᠠ ᠲᠠᠢ ᠠᠵᠢᠯ ᠤᠨ ᠪᠠᠶᠢᠷᠢ ᠶᠢᠨ ᠬᠥᠮᠦᠰ ᠢ ᠵᠣᠬᠢᠶᠠᠨ | ᠪᠠᠶᠢᠭᠤᠯᠵᠤ ᠰᠡᠷᠡᠮᠵᠢᠯᠡᠭᠦᠯᠬᠦ ᠬᠥᠮᠦᠵᠢᠯ ᠤᠨ ᠠᠵᠢᠯᠯᠠᠭ᠎ᠠ ᠥᠷᠨᠢᠭᠦᠯᠦᠨ᠂ ᠲᠡᠳᠡᠨ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠥᠪᠡᠷ ᠢ ᠪᠠᠨ ᠨᠠᠷᠢᠨ ᠬᠢᠨᠠᠮᠠᠭᠠᠶ | ᠪᠠᠶᠢᠴᠠᠭᠠᠵᠤ ᠥᠪᠡᠷ ᠢᠶᠠᠨ ᠵᠠᠯᠠᠷᠠᠭᠤᠯᠵᠤ᠂ ᠰᠡᠷᠭᠡᠶᠢᠯᠡᠬᠦ ᠤᠬᠠᠮᠰᠠᠷ ᠢᠶᠠᠨ ᠴᠢᠩᠭᠠᠳᠬᠠᠨ᠂ ᠥᠪᠡᠷ ᠢ ᠪᠠᠨ ᠴᠢᠩᠭ᠎ᠠ ᠬᠢᠵᠠᠭᠠᠷᠯᠠᠬᠤ ᠪᠣᠯᠭᠠᠨ᠎ᠠ᠃ | ᠪᠥᠬᠦ ᠣᠷᠣᠨ ᠤ ᠡᠯ᠎ᠡ ᠠᠶᠢᠮᠠᠭ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠨᠣᠮ ᠤᠩᠰᠢᠬᠤ ᠠᠩᠭᠢ ᠶᠢ 27 | ᠬᠤᠭᠤᠴᠠᠭ᠎ᠠ ᠡᠷᠭᠢᠯᠡᠵᠦ᠂ ᠪᠠᠶᠠᠨᠨᠠᠭᠤᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢ ᠵᠣᠬᠢᠶᠠᠨ | ᠪᠠᠶᠢᠭᠤᠯᠵᠤ ︽ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠥᠭᠦᠯᠡᠯᠲᠡ ᠶᠢᠨ ᠲᠡᠭᠦᠪᠦᠷᠢ︾ ᠶᠢᠨ ᠠᠭᠤᠯᠭ᠎ᠠ ᠶᠢ ᠨᠠᠷᠢᠨ | ᠤᠩᠰᠢᠨ ᠣᠶᠢᠯᠠᠭᠠᠵᠤ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠶᠠᠷᠢᠶᠠᠨ ᠤ ᠲᠠᠩᠬᠢᠮ ᠢ 2 ᠬᠤᠭᠤᠴᠠᠭ᠎ᠠ ᠡᠷᠭᠢᠯᠡᠪᠡ︔ ᠠᠯᠠᠱᠠ ᠠᠶᠢᠮᠠᠭ ᠤᠨ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠰᠤᠷᠤᠯᠴᠠᠯᠭ᠎ᠠ ᠬᠥᠮᠦᠵᠢᠯ ᠤᠨ ᠬᠤᠯᠪᠣᠭᠳᠠᠯ ᠪᠥᠬᠦᠶ ᠠᠭᠤᠯᠭ᠎ᠠ ᠶᠢ ᠪᠥᠬᠦ ᠠᠶᠢᠮᠠᠭ ᠤᠨ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠦᠨᠡᠨᠴᠢ ᠰᠢᠳᠤᠷᠭᠤ ᠬᠥᠮᠦᠵᠢᠯ ᠤᠨ ᠲᠤᠰᠬᠠᠶ ᠰᠡᠳᠦᠪᠲᠦ ᠪᠣᠯᠪᠠᠰᠤᠷᠠᠯ ᠵᠢᠴᠢ 2025 ᠣᠨ ᠤ ᠨᠢᠭᠡᠳᠦᠭᠡᠷ ᠬᠤᠭᠤᠴᠠᠭᠠᠨ ᠤ ᠤᠯᠤᠰ | ᠲᠥᠷᠥ ᠶᠢᠨ ᠡᠭᠡᠯᠵᠢ ᠶᠢᠨ ᠪᠣᠯᠪᠠᠰᠤᠷᠠᠯ ᠳᠤ ᠣᠷᠣᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠰᠤᠷᠤᠯᠴᠠᠯᠭ᠎ᠠ ᠬᠥᠮᠦᠵᠢᠯ ᠢ ︽ᠪᠦᠷᠢᠨ | ᠪᠥᠷᠬᠦᠭᠦᠯᠬᠦ︾ ᠶᠢ ᠠᠬᠢᠭᠤᠯᠪᠠ᠃ | ᠡᠮᠵᠡᠭ ᠠᠰᠠᠭᠤᠳᠠᠯ ᠲᠦᠭᠵᠢᠷᠡᠯ ᠳᠤ ᠠᠩᠬᠠᠷᠤᠯ ᠢᠶᠠᠨ ᠲᠥᠪᠯᠡᠷᠡᠭᠦᠯᠵᠦ ᠠᠰᠠᠭᠤᠳᠠᠯ ᠢ ᠴᠡᠭᠴᠡᠯᠡᠨ ᠵᠠᠰᠠᠬᠤ ︽ᠪᠣᠭᠤᠮᠲᠠ ᠰᠢᠪᠲᠤᠯᠬᠤ ᠳᠠᠶᠢᠯᠠᠯᠳᠤᠭᠠᠨ︾ ᠢ | ᠬᠢᠪᠡ᠃ | ᠤᠯᠠᠨ ᠲᠦᠮᠡᠨ ᠤ ᠲᠤᠰᠬᠠᠯ ᠶᠡᠬᠡᠲᠡᠢ ᠠᠰᠠᠭᠤᠳᠠᠯ ᠪᠣᠯ ᠳᠠᠷᠤᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠡᠭᠴᠡᠯᠡᠨ ᠵᠠᠰᠠᠬᠤ ᠴᠢᠭᠯᠡᠯ ᠮᠥᠨ᠃ ᠪᠥᠬᠦ | ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠭᠤᠷᠪᠠᠨ ᠣᠯᠠᠨ᠂ ᠭᠤᠷᠪᠠᠨ ᠴᠥᠭᠡᠨ᠂ | ᠭᠤᠷᠪᠠᠨ ᠤᠳᠠᠭᠠᠨ︾ ᠵᠢᠴᠢ ︽ᠤᠳᠠᠭᠠᠨ᠂ ᠪᠦᠳᠦᠭᠦᠯᠢᠭ᠂ ᠬᠠᠭᠤᠷᠮᠠᠭ︾ ᠵᠡᠷᠭᠡ ᠬᠦᠴᠢᠷ ᠲᠦᠪᠡᠭ ᠲᠠᠢ ᠠᠰᠠᠭᠤᠳᠠᠯ ᠢ ᠰᠢᠢᠳᠪᠦᠷᠢᠯᠡᠬᠦ ᠳᠤ ᠦᠷᠭᠦᠯᠵᠢᠯᠡᠨ | ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ ᠬᠡᠷᠡᠭᠵᠢᠭᠦᠯᠬᠦ ᠠᠷᠬᠠᠭ ᠬᠡᠮ ᠵᠢᠴᠢ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠵᠡᠷᠭᠡ ᠠᠷᠬᠠᠭ ᠬᠡᠮ ᠢ | ᠶᠡᠭᠡ ᠪᠠᠷ ᠴᠡᠭᠴᠡᠯᠡᠨ ᠵᠠᠰᠠᠪᠠ᠃ | ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠥᠨᠳᠥᠷ ᠵᠣᠭᠰᠣᠴᠠ ᠠᠴᠠ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ | ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠠᠬᠢᠭᠤᠯᠵᠤ᠂ ᠠᠵᠢᠯ ᠤᠨ ᠲᠥᠰᠦᠯ ᠢ ᠲᠤᠰᠬᠠᠶ ᠰᠡᠳᠦᠪ ᠢᠶᠠᠷ ᠰᠤᠳᠤᠯᠤᠨ ᠬᠢᠨᠠᠨ ᠵᠥᠪᠯᠡᠵᠦ᠂ | ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠭᠤᠤᠯᠳᠠᠯᠭ᠎ᠠ ᠲᠠᠢ ᠠᠬᠢᠭᠤᠯᠵᠤ᠂ ︽ᠵᠢᠷᠭᠤᠭᠠᠨ | ᠡᠵᠡᠷᠬᠡᠭᠴᠢ︾ ᠵᠡᠷᠭᠡ ᠬᠠᠷ᠎ᠠ ᠪᠦᠯᠦᠭᠲᠡᠨ ᠬᠠᠷᠭᠢᠰ ᠬᠦᠴᠦᠨ ᠤ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠭᠤᠷᠮᠠᠭ ᠮᠠᠭᠤ ᠮᠢᠬᠠᠨ ᠢᠳᠡᠭᠡᠨ | ᠦᠢᠯᠡᠳᠴᠦ ᠪᠣᠷᠣᠯᠠᠭᠤᠯᠬᠤ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠴᠡᠭᠴᠡᠯᠡᠨ ᠵᠠᠰᠠᠪᠠ᠃ ᠡᠭᠦᠨ ᠤ ᠬᠠᠮᠲᠤ᠂ ᠡᠩᠨᠡᠭᠡᠨ ᠤ ᠡᠳᠦᠷ ᠲᠤᠲᠤᠮ ᠤᠨ | ᠬᠢᠨᠠᠯᠲᠠ ᠬᠠᠮᠢᠶᠠᠷᠤᠯᠲᠠ ᠶᠢ ᠲᠠᠰᠤᠷᠠᠯᠲᠠ ᠥᠬᠡᠶ ᠴᠢᠩᠭᠠᠳᠬᠠᠵᠤ᠂ 4 ᠰᠠᠷ᠎ᠠ ᠶᠢᠨ 14 ᠤ ᠡᠳᠦᠷ ᠠᠴᠠ 18 ᠤ ᠡᠳᠦᠷ ᠪᠣᠯᠲᠠᠯ᠎ᠠ ᠲᠢᠩᠬᠢᠮ ᠤᠨ ᠪᠠᠶᠢᠭᠤᠯᠭ᠎ᠠ ᠶᠢᠨ | ᠰᠠᠬᠢᠯᠭ᠎ᠠ ᠪᠠᠲᠤ ᠣᠪᠣᠷ ᠰᠤᠷᠲᠠᠯ ᠤᠨ ᠪᠠᠶᠢᠳᠠᠯ ᠤᠨ ᠲᠤᠬᠠᠶ ᠲᠤᠰᠬᠠᠶ ᠰᠢᠪᠠᠳᠠᠨ ᠪᠠᠶᠢᠴᠠᠭᠠᠯᠲᠠ ᠥᠷᠨᠢᠭᠦᠯᠵᠦ᠂ ᠴᠠᠭᠳᠠᠭᠠᠨ ᠤ ᠲᠥᠷᠥᠯ ᠤᠨ ᠰᠠᠯᠠᠭ᠎ᠠ ᠮᠥᠴᠢᠷ | 31 ᠶᠢ ᠪᠠᠶᠢᠴᠠᠭᠠᠵᠤ᠂ 532 ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠳᠤ ᠠᠮᠢᠰᠬᠤᠯ ᠤᠨ ᠰᠫᠢᠷᠲ ᠤᠨ ᠪᠠᠶᠢᠴᠠᠭᠠᠯᠲᠠ ᠬᠢᠵᠦ᠂ ᠰᠢᠯᠢᠳᠡᠭ ᠰᠠᠶᠢᠨ | ᠰᠠᠬᠢᠯᠭ᠎ᠠ ᠪᠠᠲᠤ ᠣᠪᠣᠷ ᠰᠤᠷᠲᠠᠯ ᠢᠶᠠᠷ ᠳᠣᠲᠣᠭᠠᠳᠤ ᠶᠢ ᠬᠠᠮᠠᠭᠠᠯᠠᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠪᠠ᠃ ᠲᠥᠪᠯᠡᠷᠡᠭᠦᠯᠦᠨ | ᠴᠡᠭᠴᠡᠯᠡᠨ ᠵᠠᠰᠠᠬᠤ ᠠᠵᠢᠯ ᠤᠨ ᠳᠤᠮᠳᠠ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠡᠷᠡᠭᠦᠦ ᠶᠢᠨ ᠬᠡᠷᠡᠭ ᠤᠨ ᠲᠤᠷᠰᠢᠨ ᠪᠠᠶᠢᠴᠠᠭᠠᠬᠤ ᠰᠠᠯᠠᠭ᠎ᠠ ᠮᠥᠴᠢᠷ ᠨᠢ | ᠨᠢᠭᠡ ᠪᠦᠯᠦᠭ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠶᠠᠯᠠᠲᠤ ᠵᠣᠬᠢᠶᠠᠨ ᠪᠠᠶᠢᠭᠤᠯᠤᠯᠲᠠ ᠶᠢ ᠠᠮᠵᠢᠯᠲᠠ ᠲᠠᠢ ᠠᠷᠢᠯᠭᠠᠵᠤ᠂ ᠠᠮᠢ ᠠᠬᠤᠢ | ᠣᠷᠴᠢᠨ ᠲᠣᠭᠤᠷᠢᠨ ᠢᠳᠡᠭᠡᠨ ᠪᠠ ᠡᠮ ᠤᠨ ᠵᠦᠢᠯ ᠤᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠰᠠᠯᠠᠭ᠎ᠠ ᠮᠥᠴᠢᠷ ᠨᠢ 2.3 ᠲᠣᠨ ᠢᠷᠡᠯᠲᠡ ᠨᠢ | ᠲᠣᠳᠣᠷᠬᠠᠶ ᠥᠬᠡᠶ᠂ ᠬᠢᠵᠢᠭ ᠪᠠᠶᠢᠴᠠᠭᠠᠯᠭᠠᠭᠰᠠᠨ ᠥᠬᠡᠶ ᠪᠤᠶᠤ ᠬᠢᠵᠢᠭ ᠪᠠᠶᠢᠴᠠᠭᠠᠭᠠᠳ ᠬᠢᠷᠢ ᠲᠡᠩᠴᠡᠭᠰᠡᠨ ᠥᠬᠡᠶ ᠬᠡᠷᠡᠭ ᠲᠤ ᠬᠤᠯᠪᠣᠭᠳᠠᠭᠰᠠᠨ ᠮᠢᠬᠠᠨ ᠤ ᠵᠦᠢᠯ ᠢ | ᠪᠠᠶᠢᠴᠠᠭᠠᠨ ᠢᠯᠡᠷᠡᠭᠦᠯᠪᠡ᠃ | | | | ᠲᠦᠷᠢᠮ ᠤᠨ ᠰᠢᠩᠭᠡᠯᠢᠭ ᠢ ᠴᠢᠩᠭ᠎ᠠ ᠰᠦᠯᠵᠢᠵᠦ ᠰᠠᠬᠢᠯᠭ᠎ᠠ ᠪᠠᠲᠤ ᠬᠠᠤᠯᠢ ᠴᠠᠭᠠᠵᠠ ᠶᠢᠨ ᠬᠢᠵᠠᠭᠠᠷᠯᠠᠯ ᠤᠨ ︽ᠴᠢᠩᠭ᠎ᠠ ᠳᠠᠷᠤᠩᠭᠤᠶᠢᠯᠠᠯ ᠤᠨ | ᠰᠡᠷᠭᠡᠶᠢᠯᠡᠯᠳᠡ ᠶᠢᠨ ᠱᠤᠭᠤᠮ︾ ᠢ ᠲᠠᠲᠠᠪᠠ᠃ | ᠲᠦᠷᠢᠮ ᠤᠨ ᠪᠠᠶᠢᠭᠤᠯᠤᠯᠲᠠ ᠪᠣᠯ ᠡᠩᠨᠡᠭᠡᠨ ᠤ ᠬᠠᠮᠢᠶᠠᠷᠤᠯᠲᠠ ᠶᠢ ᠵᠢᠷᠤᠮᠵᠢᠭᠤᠯᠬᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ | ᠰᠡᠷᠭᠡᠶᠢᠯᠡᠬᠦ ᠶᠢᠨ ᠴᠢᠬᠤᠯᠠ ᠪᠠᠲᠤᠯᠠᠭ᠎ᠠ ᠮᠥᠨ᠃ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠴᠢᠩᠭ᠎ᠠ ᠪᠠᠶᠢᠬᠤ ᠦᠨᠳᠦᠰᠦᠨ ᠬᠦᠭ | ᠠᠶᠠᠰ ᠢ ᠭᠤᠶᠢᠪᠢᠰᠢ ᠦᠭᠡᠢ ᠪᠠᠷᠢᠮᠲᠠᠯᠠᠵᠤ᠂ ᠴᠢᠩᠭ᠎ᠠ ᠬᠠᠮᠢᠶᠠᠷᠴᠤ᠂ ᠴᠢᠩᠭ᠎ᠠ ᠬᠢᠨᠠᠯᠲᠠ ᠲᠠᠯᠪᠢᠵᠤ᠂ ᠡᠷᠲᠡ ᠠᠴᠠ ᠠᠳᠬᠤᠵᠤ ᠪᠠᠭ᠎ᠠ ᠠᠴᠠ ᠨᠢ ᠠᠳᠬᠤᠵᠤ ᠡᠬᠢ | ᠡᠭᠦᠰᠦᠯ ᠠᠴᠠ ᠨᠢ ᠠᠳᠬᠤᠵᠤ᠂ ᠴᠢᠩᠭ᠎ᠠ ᠬᠠᠮᠢᠶᠠᠷᠬᠤ ᠪᠠ ᠬᠠᠶᠢᠷᠠᠯᠠᠨ ᠬᠠᠯᠠᠮᠵᠢᠯᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠵᠣᠷᠢᠭᠵᠢᠭᠤᠯᠬᠤ ᠪᠠ | ᠬᠢᠵᠠᠭᠠᠷᠯᠠᠬᠤ ᠶᠢ ᠵᠡᠷᠭᠡ ᠪᠠᠷ ᠴᠢᠬᠤᠯᠠᠴᠢᠯᠠᠵᠤ᠂ ᠣᠨᠣᠴᠠᠲᠠᠢ ᠪᠠᠷ ᠠᠷᠭ᠎ᠠ ᠪᠤᠳᠤᠯᠭ᠎ᠠ ᠬᠡᠷᠡᠭᠵᠢᠭᠦᠯᠵᠦ᠂ ᠴᠢᠩᠭ᠎ᠠ ᠨᠠᠶᠢᠳᠠᠪᠤᠷᠢᠵᠢᠭᠤᠯᠪᠠ᠃ 4 ᠰᠠᠷ᠎ᠠ ᠶᠢᠨ 24 ᠤ | ᠡᠳᠦᠷ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ︽ᠴᠢᠬᠡᠴᠢ ᠵᠠᠰᠠᠭ ᠤᠨ ᠶᠠᠷᠢᠯᠴᠠᠭ᠎ᠠ ᠶᠢ ᠵᠣᠬᠢᠶᠠᠨ | ᠪᠠᠶᠢᠭᠤᠯᠵᠤ ᠥᠷᠨᠢᠭᠦᠯᠦᠨ ᠨᠠᠮ ᠤᠨ ᠭᠡᠰᠢᠭᠦᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠠᠰᠠᠭᠤᠳᠠᠯ ᠢ ᠪᠠᠶᠢᠴᠠᠭᠠᠨ ᠳᠡᠯᠭᠡᠬᠦ ᠶᠢ ᠤᠯᠠᠮ ᠨᠢᠭᠡ | ᠠᠯᠬᠤᠮ ᠴᠢᠩᠭᠠᠳᠬᠠᠬᠤ ᠲᠤᠬᠠᠶ ᠮᠡᠳᠡᠭᠳᠡᠯ︾ ᠪᠠᠭᠤᠯᠭᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠰᠠᠨᠠᠭᠤᠯᠵᠤ ᠶᠠᠷᠢᠯᠴᠠᠬᠤ᠂ | ᠰᠡᠷᠡᠮᠵᠢᠯᠡᠭᠦᠯᠦᠨ ᠶᠠᠷᠢᠯᠴᠠᠬᠤ᠂ ᠰᠢᠭᠦᠮᠵᠢᠯᠡᠨ ᠬᠥᠮᠦᠵᠢᠭᠦᠯᠬᠦ ᠵᠡᠷᠭᠡ ᠠᠷᠭ᠎ᠠ ᠬᠡᠮᠵᠢᠶ᠎ᠡ ᠶᠢ ᠶᠡᠷᠦᠩᠬᠡᠶᠢᠯᠡᠨ ᠬᠡᠷᠡᠭᠯᠡᠵᠦ ᠠᠶᠤᠯ ᠲᠦᠭᠰᠢᠭᠦᠷᠢ ᠶᠢᠨ ᠳᠠᠯᠳᠠ ᠬᠡᠮ ᠢ | ᠠᠷᠢᠯᠭᠠᠬᠤ ᠬᠡᠷᠡᠭᠲᠡᠶ ᠭᠡᠵᠦ ᠱᠠᠭᠠᠷᠳᠠᠪᠠ᠃ ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠤᠯᠠᠭᠠᠨᠬᠠᠳᠠ ᠬᠤᠲᠠ ᠶᠢᠨ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ᠳᠣᠲᠣᠭᠠᠳᠤ ᠶᠢ ᠬᠠᠮᠠᠭᠠᠯᠠᠬᠤ ᠳᠣᠲᠣᠭᠠᠳᠤ ᠰᠦᠯᠵᠢᠶᠡᠨ ᠳᠤ ︽ᠰᠡᠷᠡᠮᠵᠢᠯᠡᠭᠦᠯᠦᠨ ᠢᠯᠡᠴᠢᠯᠡᠬᠦ ᠲᠠᠪᠴᠠᠩ︾ ᠭᠠᠷᠭᠠᠵᠤ᠂ ᠲᠣᠰ | ᠨᠢᠭᠡᠴᠢ ᠶᠢᠨ ᠢᠶᠠᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ 40 ᠨᠡᠶᠢᠲᠡᠯᠢᠭ ᠬᠡᠷᠡᠭ ᠢ ᠵᠠᠷᠯᠠᠨ | ᠮᠡᠳᠡᠭᠳᠡᠪᠡ᠃ ᠣᠷᠳᠣᠰ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠵᠤ ᠰᠢᠭᠦᠬᠦ ᠬᠤᠷᠢᠶᠠᠨ ᠤ ᠡᠷᠬᠡ | ᠲᠤᠰᠢᠶᠠᠯ ᠢᠶᠠᠨ ᠠᠰᠢᠭᠯᠠᠨ ᠬᠢᠭᠰᠡᠨ ᠶᠠᠯᠠᠲᠤ ᠬᠡᠷᠡᠭ ᠢ ᠰᠢᠭᠦᠬᠦ ᠲᠤᠬᠠᠶ ᠶᠢᠨ ᠲᠠᠯᠠᠪᠤᠷ ᠤᠨ ᠲᠢᠩᠬᠢᠮ ᠤᠨ ᠰᠢᠭᠦᠯᠲᠡ ᠶᠢ ᠰᠤᠯᠠ ᠰᠣᠨᠣᠰᠤᠭᠤᠯᠵᠤ ᠰᠡᠷᠡᠮᠵᠢᠯᠡᠭᠦᠯᠪᠡ᠃ |