ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠦᠨ᠎ᠡ ᠲᠥᠯᠥᠪᠦᠷᠢ ᠥᠬᠡᠶ ᠪᠠᠷ ᠴᠢᠰᠤ ᠬᠠᠨᠳᠢᠪᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/20
      4 ᠳ᠋ᠦ᠋ᠭᠡᠷ ᠰᠠᠷ᠎ᠠ ᠶᠢᠨ 29 ᠤ ᠡᠳᠦᠷ᠂ ᠲᠦᠩᠯᠢᠶᠣᠤ ᠬᠤᠲᠠ ᠶᠢᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠠᠶᠢᠷ᠎ᠠ ᠬᠠᠯᠠᠮᠵᠢ ᠪᠠᠷ ᠪᠢᠯᠬᠠᠭᠰᠠᠨ ᠴᠢᠰᠤ ᠪᠦᠲᠦᠭᠡᠬᠦ ᠭᠤᠤᠯ ᠡᠰ ᠤᠨ ᠴᠢᠰᠤᠨ ᠤ ᠥᠯᠢᠭᠡᠷ ᠴᠤᠭᠯᠠᠭᠤᠯᠬᠤ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠳᠤ ᠡᠯ᠎ᠡ ᠰᠠᠯᠠᠭ᠎ᠠ ᠮᠥᠴᠢᠷ ᠤᠨ 48 ᠴᠠᠭᠳᠠᠭ᠎ᠠ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠳᠣᠲᠣᠭᠠᠳᠤ ᠶᠢ ᠬᠠᠮᠠᠭᠠᠯᠠᠭᠴᠢ ᠨᠢ ᠠᠷᠠᠳ ᠲᠦᠮᠡᠨ ᠤ ᠲᠥᠯᠥᠭᠡ ᠪᠠᠶᠢᠬᠤ ᠡᠷᠬᠢᠮ ᠳᠡᠭᠡᠳᠦ ᠵᠣᠷᠢᠭ ᠰᠠᠨᠠᠭ᠎ᠠ ᠶᠢ ᠲᠠᠶᠢᠯᠪᠤᠷᠢᠯᠠᠪᠠ᠃
2.jpg
      ᠠᠵᠢᠯᠯᠠᠭ᠎ᠠ ᠡᠬᠢᠯᠡᠬᠦ ᠠᠴᠠ ᠡᠮᠦᠨ᠎ᠡ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠴᠢᠰᠤ ᠪᠦᠲᠦᠭᠡᠬᠦ ᠭᠤᠤᠯ ᠡᠰ ᠤᠨ ᠥᠯᠢᠭᠡᠷ ᠴᠤᠭᠯᠠᠭᠤᠯᠬᠤ ᠠᠵᠢᠯ ᠢ ᠲᠠᠨᠢᠯᠴᠠᠭᠤᠯᠤᠭᠰᠠᠨ ᠪᠥᠭᠡᠳ ᠠᠵᠢᠯᠯᠠᠭ᠎ᠠ ᠳᠤ ᠣᠷᠣᠯᠴᠠᠭᠰᠠᠨ ᠠᠷᠠᠳ ᠴᠠᠭᠳᠠᠭ᠎ᠠ ᠬᠠᠪᠰᠤᠷᠤᠭᠴᠢ ᠴᠠᠭᠳᠠᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠤᠬᠠᠶ ᠶᠢᠨ ᠲᠠᠯᠠᠪᠠᠶ ᠳᠤ᠂ ᠴᠢᠰᠤ ᠪᠦᠲᠦᠭᠡᠬᠦ ᠭᠤᠤᠯ ᠡᠰ ᠤᠨ ᠦᠯᠢᠭᠡᠷ ᠴᠤᠭᠯᠠᠭᠤᠯᠬᠤ ᠳᠤ ᠣᠷᠣᠯᠴᠠᠭᠰᠠᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠷ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠵᠢᠯᠲᠠᠨ ᠤ ᠵᠢᠯᠣᠭᠤᠳᠣᠯᠭ᠎ᠠ ᠳᠤᠤᠷ᠎ᠠ᠂ ᠬᠢᠨᠠᠮᠠᠭᠠᠶ ᠪᠦᠷᠢᠳᠬᠡᠨ ᠲᠡᠮᠳᠡᠭᠯᠡᠵᠦ᠂ ᠬᠦᠰᠦᠨᠦᠭᠲᠦ ᠲᠠᠭᠯᠠᠨ ᠪᠢᠴᠢᠵᠦ᠂ ᠰᠠᠶᠢᠨ ᠳᠤᠷ᠎ᠠ ᠠᠴᠠ ᠪᠠᠨ ᠡᠮᠬᠢ ᠵᠢᠷᠤᠮ ᠲᠠᠢ ᠪᠠᠷ ᠴᠢᠰᠤᠨ ᠤ ᠦᠯᠢᠭᠡᠷ ᠠᠪᠤᠭᠤᠯᠵᠤ᠂ ᠴᠢᠰᠤ ᠪᠦᠲᠦᠭᠡᠬᠦ ᠭᠤᠤᠯ ᠡᠰ ᠬᠠᠨᠳᠢᠪᠯᠠᠭᠴᠢᠳ ᠤᠨ ᠮᠠᠲ᠋ᠧᠷᠢᠶᠠᠯ ᠤᠨ ᠬᠥᠮᠥᠷᠭᠡ ᠳᠤ ᠰᠢᠨ᠎ᠡ ᠰᠣᠷᠭᠤᠭ ᠴᠢᠰᠤ ᠣᠷᠣᠭᠤᠯᠬᠤ ᠥᠭᠪᠡ᠃
6.jpg
      ᠴᠢᠰᠤ ᠪᠦᠲᠦᠭᠡᠬᠦ ᠭᠤᠣᠯ ᠡᠰ ᠴᠤᠭᠯᠠᠭᠤᠯᠬᠤ ᠪᠣᠯ ᠨᠢᠭᠡ ᠵᠦᠢᠯ ᠤᠨ ᠡᠷᠬᠢᠮ ᠳᠡᠭᠡᠳᠦ ᠨᠡᠶᠢᠲᠡ ᠶᠢᠨ ᠠᠰᠠᠷᠠᠮᠵᠢ ᠶᠢᠨ ᠦᠢᠯᠡᠰ ᠮᠥᠨ᠂ ᠴᠢᠰᠤ ᠴᠠᠶᠢᠬᠤ ᠡᠪᠡᠳᠴᠢᠨ ᠵᠡᠷᠭᠡ ᠴᠢᠰᠤᠨ ᠤ ᠡᠪᠡᠳᠴᠢᠨ ᠲᠠᠢ ᠡᠪᠡᠳᠴᠢᠲᠡᠨ ᠤ ᠠᠮᠢ ᠨᠠᠰᠤ ᠶᠢ ᠠᠪᠤᠷᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ 18 - 45 ᠨᠠᠰᠤᠨ ᠤ ᠰᠠᠶᠢᠨ ᠳᠤᠷ᠎ᠠ ᠶᠢᠨ ᠠᠵᠢᠯᠯᠠᠭᠴᠢ ᠠᠴᠠ 8 ml ᠴᠢᠰᠤᠨ ᠤ ᠥᠯᠢᠭᠡᠷ ᠠᠪᠴᠤ᠂ ᠪᠠᠶᠢᠴᠠᠭᠠᠨ ᠰᠢᠯᠭᠠᠵᠤ ᠵᠠᠳᠠᠯᠤᠯᠲᠠ ᠬᠢᠬᠦ ᠪᠠᠷ ᠳᠡᠮᠵᠢᠨ ᠳᠤᠮᠳᠠᠳᠤ ᠶᠢᠨ ᠴᠢᠮᠥᠭᠡ ᠶᠢᠨ ᠬᠥᠮᠥᠷᠭᠡ ᠳᠤ ᠣᠷᠣᠭᠤᠯᠤᠨ᠎ᠠ᠂ ᠬᠡᠯᠪᠡᠷᠢ ᠲᠠᠭᠠᠷᠠᠭᠤᠯᠵᠤ ᠠᠮᠵᠢᠯᠲᠠ ᠣᠯᠤᠭᠰᠠᠨ ᠤ ᠳᠠᠷᠠᠭ᠎ᠠ ᠰᠠᠶᠢᠨ ᠳᠤᠷ᠎ᠠ ᠶᠢᠨ ᠠᠵᠢᠯᠯᠠᠭᠴᠢ ᠰᠠᠶᠢᠨ ᠳᠤᠷ᠎ᠠ ᠠᠴᠠ ᠪᠠᠨ ᠴᠢᠰᠤ ᠪᠠᠨ ᠥᠭᠴᠦ᠂ ᠴᠢᠰᠤᠨ ᠤ ᠡᠪᠡᠳᠴᠢᠲᠡᠨ ᠢ ᠠᠪᠤᠷᠠᠨ ᠵᠠᠰᠠᠵᠤ᠂ ᠰᠠᠶᠢᠨ ᠳᠤᠷ᠎ᠠ ᠶᠢᠨ ᠠᠵᠢᠯᠯᠠᠭᠴᠢ ᠶᠢᠨ ᠪᠡᠶ᠎ᠡ ᠮᠠᠬᠠᠪᠣᠳ ᠤᠨ ᠡᠷᠡᠭᠦᠯ ᠮᠡᠨᠳᠦ ᠳᠤ ᠶᠠᠮᠠᠷ ᠴᠤ ᠬᠤᠬᠢᠷᠠᠯ ᠤᠴᠠᠷᠠᠭᠤᠯᠬᠤ ᠥᠬᠡᠶ᠂ ᠭᠡᠪᠡᠴᠦ ᠬᠡᠷᠡᠭᠴᠡᠭᠡ ᠲᠠᠢ ᠬᠥᠮᠦᠰ ᠲᠤ ᠠᠮᠢᠳᠤᠷᠠᠬᠤᠶ ᠶᠢᠨ ᠬᠦᠰᠡᠯ ᠡᠷᠡᠮᠡᠯᠵᠡᠯ ᠣᠯᠭᠤᠵᠤ ᠪᠣᠯᠤᠨ᠎ᠠ᠃
ᠢᠷᠡᠯᠲᠡ᠄ ᠲᠦᠩᠯᠢᠶᠣᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ