4 ᠰᠠᠷ᠎ᠠ ᠶᠢᠨ 11 ᠤ ᠡᠳᠦᠷ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ | ᠰᠠᠶᠢᠲᠤᠷ ᠥᠷᠨᠢᠭᠦᠯᠬᠦ᠂ ᠨᠠᠮ ᠤᠨ ᠭᠡᠰᠢᠭᠦᠨ ᠺᠠᠳ᠋ᠷᠴᠤᠳ ᠤᠨ ᠨᠠᠮᠴᠢ ᠴᠢᠨᠠᠷ ᠤᠨ ᠬᠡᠪ ᠪᠣᠯᠪᠠᠰᠤᠷᠠᠯ ᠢᠶᠠᠨ ᠪᠠᠳᠤᠳᠬᠠᠬᠤ᠂ ᠨᠠᠮ ᠤᠨ ᠰᠠᠬᠢᠯᠭ᠎ᠠ ᠤᠯᠤᠰ ᠤᠨ ᠬᠠᠤᠯᠢ ᠶᠢ | ᠴᠢᠩᠭ᠎ᠠ ᠰᠠᠬᠢᠬᠤ᠂ ᠠᠷᠢᠭᠤᠨ ᠴᠢᠬᠡᠴᠢ ᠬᠡᠪ ᠰᠤᠷᠲᠠᠯ ᠢ ᠪᠤᠢ ᠪᠣᠯᠭᠠᠬᠤ᠂ ᠢᠳᠡᠪᠬᠢᠲᠡᠢ ᠪᠠᠷ ᠠᠵᠢᠯ ᠬᠢᠬᠦ᠂ ᠰᠠᠬᠢᠯᠭ᠎ᠠ ᠪᠠᠲᠤ ᠶᠣᠰᠣ ᠳᠦᠷᠢᠮ ᠤᠨ ᠤᠬᠠᠮᠰᠠᠷ ᠢᠶᠠᠨ | ᠦᠨᠡᠨ ᠬᠦ ᠴᠢᠩᠭᠠᠳᠬᠠᠬᠤ᠂ ᠨᠠᠮ ᠤᠨ ᠭᠡᠰᠢᠭᠦᠨ ᠺᠠᠳ᠋ᠷᠴᠤᠳ ᠤᠨ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ | ᠱᠤᠭᠤᠮ ᠢ ᠪᠠᠬᠢᠵᠢᠭᠦᠯᠬᠦ ᠶᠢᠨ ᠲᠥᠯᠥᠭᠡ᠂ ᠰᠢᠯᠢ ᠴᠠ ᠭᠤᠣᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠡᠯ᠎ᠡ | ᠨᠠᠮ ᠤᠨ ᠡᠭᠦᠷ ᠢ ᠵᠣᠬᠢᠶᠠᠨ ᠪᠠᠶᠢᠭᠤᠯᠤᠨ ᠪᠠᠷᠠᠭᠤᠨ ᠦᠵᠦᠮᠦᠴᠢᠨ ᠬᠤᠰᠢᠭᠤᠨ ᠤ ᠠᠷᠢᠭᠤᠨ ᠴᠢᠬᠡᠴᠢ ᠰᠣᠶᠣᠯ ᠤᠨ ᠬᠥᠮᠦᠵᠢᠯ ᠤᠨ ᠰᠠᠭᠤᠷᠢᠨ ᠭᠠᠵᠠᠷ ᠢ ᠲᠣᠭᠤᠷᠢᠨ | ᠦᠵᠡᠭᠦᠯᠵᠦ᠂ ᠲᠣᠪᠴᠢᠶᠠᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠭᠡᠰᠢᠭᠦᠳ ᠨᠠᠮ ᠤᠨ ᠭᠡᠰᠢᠭᠦᠨ ᠤ ᠬᠤᠪᠢ ᠪᠠᠷ ᠲᠣᠰ ᠤᠳᠠᠭᠠᠨ ᠤ ᠠᠵᠢᠯᠯᠠᠭ᠎ᠠ ᠳᠤ | ᠣᠷᠣᠯᠴᠠᠪᠠ᠃ | | | | ᠲᠣᠭᠤᠷᠢᠨ ᠦᠵᠡᠬᠦ ᠶᠠᠪᠤᠴᠠ ᠳᠤ᠂ ᠪᠦᠬᠦ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠲᠠᠶᠢᠯᠪᠤᠷᠢᠯᠠᠭᠴᠢ ᠶᠢᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ | ᠰᠣᠨᠣᠰᠴᠤ᠂ ᠳᠡᠯᠭᠡᠨ ᠦᠵᠡᠭᠦᠯᠦᠭᠰᠡᠨ ᠭᠡᠷᠡᠯ ᠵᠢᠷᠤᠭ᠂ ᠦᠰᠦᠭ ᠪᠢᠴᠢᠭ ᠪᠣᠯᠤᠨ ᠪᠣᠳᠠᠲᠤ ᠪᠣᠳᠠᠰ ᠤᠨ ᠮᠠᠲ᠋ᠧᠷᠢᠶᠠᠯ ᠢ ᠨᠠᠷᠢᠨ ᠬᠢᠨᠠᠮᠠᠭᠠᠢ ᠦᠵᠡᠵᠦ᠂ ᠠᠷᠢᠭᠤᠨ | ᠴᠢᠬᠡᠴᠢ ᠪᠠᠷ ᠵᠠᠰᠠᠭ ᠪᠠᠷᠢᠬᠤ ᠰᠡᠷᠡᠮᠵᠢᠯᠡᠭᠦᠯᠬᠦ ᠬᠥᠮᠦᠵᠢᠯ ᠬᠦᠷᠲᠡᠵᠦ᠂ ᠬᠡᠷᠡᠭ ᠢᠶᠠᠷ ᠲᠤᠯᠢ ᠪᠣᠯᠭᠠᠵᠤ᠂ ᠬᠡᠷᠡᠭ ᠢᠶᠠᠷ ᠰᠠᠬᠢᠯᠭ᠎ᠠ ᠪᠠᠲᠤ ᠶᠢ ᠲᠣᠳᠣᠷᠬᠠᠶᠢᠯᠠᠵᠤ᠂ ᠱᠠᠮᠰᠢᠨ | ᠢᠯᠵᠠᠷᠠᠭᠰᠠᠨ ᠠᠴᠠ ᠪᠤᠯᠵᠤ ᠬᠤᠪᠢ ᠬᠥᠮᠦᠨ ᠪᠣᠯᠤᠨ ᠭᠡᠷ ᠪᠦᠯᠢ ᠳᠤ ᠤᠴᠠᠷᠠᠭᠤᠯᠤᠭᠰᠠᠨ ᠯᠤᠲᠤ ᠶᠡᠭᠡ ᠬᠤᠣᠷ ᠬᠥᠨᠥᠭᠡᠯ ᠢ ᠰᠢᠭᠤᠳ ᠮᠡᠳᠡᠷᠡᠭᠦᠯᠵᠦ᠂ ᠠᠷᠠᠳ ᠤᠨ | ᠴᠠᠭᠳᠠᠭ᠎ᠠ ᠶᠢᠨ ᠦᠵᠡᠯ ᠰᠠᠨᠠᠭᠠᠨ ᠤ ︽ᠤᠯᠠᠭᠠᠨ ᠱᠤᠭᠤᠮ︾ ᠢ ᠦᠨᠡᠨ ᠬᠦ ᠪᠠᠲᠤ ᠴᠣᠭᠴᠠᠯᠠᠵᠤ᠂ ᠠᠵᠢᠯᠯᠠᠭ᠎ᠠ ᠶᠢᠨ ︽ᠬᠤᠷᠢᠭ᠎ᠠ ᠱᠤᠭᠤᠮ︾ ᠢ ᠪᠠᠲᠤ ᠰᠠᠬᠢᠬᠤ ᠶᠢ | ᠬᠥᠮᠥᠵᠢᠭᠦᠯᠦᠨ ᠵᠢᠯᠣᠭᠤᠳᠪᠠ᠃ ᠬᠤᠪᠢᠰᠬᠠᠯ ᠤᠨ ᠰᠤᠷᠭᠠᠨ ᠬᠥᠮᠦᠵᠢᠯ ᠤᠨ ᠲᠢᠩᠬᠢᠮ ᠳᠤ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠦᠵᠡᠬᠦ ᠪᠠᠷ ᠳᠠᠮᠵᠢᠭᠤᠯᠤᠨ᠂ | ᠢᠯᠵᠠᠷᠠᠯ ᠤᠨ ᠬᠤᠤᠷ ᠬᠥᠨᠥᠭᠡᠯᠲᠦ ᠴᠢᠨᠠᠷ ᠪᠠ ᠠᠷᠢᠭᠤᠨ ᠴᠢᠬᠡᠴᠢ ᠴᠠᠭᠳᠠᠭ᠎ᠠ ᠶᠢᠨ ᠴᠢᠬᠤᠯᠠ ᠴᠢᠨᠠᠷ ᠢ ᠤᠯᠠᠮ ᠨᠢᠭᠡ ᠠᠯᠬᠤᠮ ᠣᠶᠢᠯᠠᠭᠠᠪᠠ᠃ ᠭᠠᠯ ᠤᠯᠠᠭᠠᠨ | ᠨᠠᠮ ᠤᠨ ᠲᠤᠭ ᠤᠨ ᠡᠮᠦᠨ᠎ᠡ᠂ ᠪᠦᠬᠦ ᠨᠠᠮ ᠤᠨ ᠭᠡᠰᠢᠭᠦᠳ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠲᠠᠬᠢᠨ ᠤᠩᠰᠢᠪᠠ᠃ ᠤᠯᠠᠨ ᠢᠶᠠᠷ ᠢᠶᠠᠨ ᠨᠢᠳᠤᠷᠭ᠎ᠠ ᠪᠠᠨ | ᠵᠠᠩᠭᠢᠳᠴᠤ᠂ ᠲᠥᠪ ᠴᠢᠩᠭ᠎ᠠ ᠪᠠᠷ ᠲᠠᠩᠭᠠᠷᠢᠭᠯᠠᠪᠠ᠃ ᠡᠨᠡ ᠪᠣᠯ ᠨᠠᠮ ᠳᠤ ᠣᠷᠣᠬᠤ ᠤᠭ ᠰᠠᠨᠠᠭᠠᠨ ᠤ ᠳᠠᠬᠢᠨ ᠡᠷᠭᠢᠴᠡᠭᠦᠯᠦᠯ ᠪᠣᠯᠬᠤ ᠪᠠᠷ ᠪᠠᠷᠠᠬᠤ ᠦᠭᠡᠢ᠂ ᠨᠠᠩ ᠴᠤ | ᠰᠢᠨ᠎ᠡ ᠴᠠᠭ ᠦᠶ᠎ᠡ ᠶᠢᠨ ᠨᠠᠮ ᠤᠨ ᠭᠡᠰᠢᠭᠦᠨ ᠤ ᠡᠭᠦᠷᠭᠡ ᠬᠠᠷᠢᠭᠤᠴᠠᠯᠭ᠎ᠠ ᠶᠢᠨ ᠲᠤᠬᠠᠶ ᠠᠮᠠᠯᠠᠯᠲᠠ ᠮᠥᠨ᠂ ᠨᠠᠮ ᠤᠨ ᠭᠡᠰᠢᠭᠦᠨ ᠨᠢᠭᠡᠪᠦᠷᠢ ᠳᠤ ᠴᠠᠭ ᠢᠮᠠᠭᠲᠠ | ᠥᠪᠡᠷ ᠢ ᠪᠠᠨ ᠴᠢᠩᠭ᠎ᠠ ᠱᠠᠭᠠᠷᠳᠠᠵᠤ᠂ ᠨᠠᠮ ᠳᠤ ᠪᠠᠨ ᠦᠨᠡᠨᠴᠢ ᠰᠢᠳᠤᠷᠭᠤ ᠪᠠᠶᠢᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠬᠦ ᠬᠡᠷᠡᠭᠲᠡᠶ | ᠭᠡᠵᠦ ᠰᠠᠨᠠᠭᠤᠯᠪᠠ᠃ | | | | ᠨᠡᠶᠢᠲᠡᠯᠢᠭ ᠬᠡᠷᠡᠭ ᠤᠨ ᠵᠢᠱᠢᠶ᠎ᠡ ᠨᠦᠭᠦᠳ ᠨᠢ ᠬᠥᠮᠦᠨ ᠢ ᠰᠣᠴᠢᠭᠠᠮ᠎ᠠ ᠪᠠᠶᠢᠵᠤ᠂ ᠰᠤᠷᠭᠠᠮᠵᠢ ᠨᠢ ᠭᠦᠨ ᠭᠦᠨᠵᠡᠭᠡᠶ ᠪᠠᠶᠢᠵᠤ᠂ ᠭᠡᠮᠰᠢᠯ ᠤᠨ ᠪᠢᠴᠢᠭ ᠨᠢ | ᠬᠥᠮᠥᠰ ᠢ ᠭᠦᠨ ᠰᠡᠳᠬᠢᠭᠦᠯᠪᠡ᠃ ᠲᠣᠭᠤᠷᠢᠨ ᠦᠵᠡᠵᠦ ᠳᠠᠭᠤᠰᠤᠭᠰᠠᠨ ᠤ ᠳᠠᠷᠠᠭ᠎ᠠ᠂ ᠪᠦᠬᠦ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠷ ᠡᠭᠦᠨ ᠢᠶᠠᠷ | ᠴᠡᠭᠡᠷᠯᠡᠯ ᠪᠣᠯᠭᠠᠵᠤ᠂ ᠠᠵᠢᠯ ᠤᠨ ᠳᠤᠮᠳᠠ ᠪᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠰᠠᠬᠢᠯᠭ᠎ᠠ ᠪᠠᠲᠤ ᠬᠠᠤᠯᠢ ᠴᠠᠭᠠᠵᠠ ᠶᠢᠨ | ᠤᠬᠠᠮᠰᠠᠷ ᠢᠶᠠᠨ ᠴᠢᠩᠭᠠᠳᠬᠠᠵᠤ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢᠶᠠᠨ ᠪᠠᠲᠤ ᠴᠣᠭᠴᠠᠯᠠᠵᠤ᠂ ᠠᠷᠢᠭᠤᠨ ᠴᠢᠬᠡᠴᠢ ᠶᠢ ᠡᠷᠬᠢᠮᠯᠡᠬᠦ᠂ ᠠᠷᠢᠭᠤᠨ | ᠴᠢᠬᠡᠴᠢ ᠪᠠᠷ ᠪᠡᠶ᠎ᠡ ᠢᠶᠠᠨ ᠪᠠᠷᠢᠬᠤ ᠶᠢ ᠦᠨᠡᠨ ᠬᠦ ᠪᠡᠶᠡᠯᠡᠭᠦᠯᠵᠦ᠂ ︽ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ︾ | ᠭᠡᠬᠦ ᠤᠬᠠᠮᠰᠠᠷ ᠢ ᠪᠠᠲᠤ ᠪᠤᠢ ᠪᠣᠯᠭᠠᠵᠤ᠂ ᠭᠡᠷ ᠤᠨ ᠬᠥᠮᠦᠰ ᠲᠦᠷᠦᠯ ᠰᠠᠳᠤᠨ ᠢᠶᠠᠨ ᠴᠢᠩᠭ᠎ᠠ ᠬᠠᠮᠢᠶᠠᠷᠴᠤ᠂ ᠳᠡᠷᠭᠡᠳᠡᠬᠢ ᠬᠥᠮᠦᠨ ᠪᠠ ᠳᠡᠷᠭᠡᠳᠡᠬᠢ ᠶᠠᠪᠤᠳᠠᠯ ᠢᠶᠠᠨ | ᠰᠠᠶᠢᠲᠤᠷ ᠬᠠᠮᠢᠶᠠᠷᠴᠤ᠂ ᠴᠠᠭ ᠢᠮᠠᠭᠲᠠ ᠪᠡᠶ᠎ᠡ ᠪᠠᠨ ᠬᠢᠴᠢᠶᠡᠵᠦ ᠪᠡᠶ᠎ᠡ ᠪᠠᠨ ᠰᠡᠷᠡᠮᠵᠢᠯᠡᠭᠦᠯᠦᠨ ᠪᠡᠶ᠎ᠡ ᠪᠠᠨ ᠵᠣᠷᠢᠭᠵᠢᠭᠤᠯᠬᠤ ᠶᠢ ᠪᠠᠷᠢᠮᠲᠠᠯᠠᠵᠤ᠂ ᠴᠠᠭ ᠢᠮᠠᠭᠲᠠ | ᠠᠷᠠᠳ ᠤᠨ ᠲᠥᠯᠥᠭᠡ ᠪᠣᠳᠠᠲᠠᠢ ᠶᠢ ᠡᠷᠬᠢᠮᠯᠡᠨ ᠠᠷᠢᠭᠤᠨ ᠴᠢᠬᠡᠴᠢ ᠪᠠᠶᠢᠬᠤ ᠤᠯᠤᠰ ᠲᠦᠷᠦ ᠶᠢᠨ ᠮᠥᠨ ᠴᠢᠨᠠᠷ ᠢᠶᠠᠨ ᠬᠠᠳᠠᠭᠠᠯᠠᠨ᠎ᠠ ᠭᠡᠵᠦ ᠢᠯᠡᠳᠬᠡᠵᠡᠭᠡᠪᠡ᠃ |