ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ DeepSeek ᠵᠠᠯᠭᠠᠵᠤ ᠤᠶᠤᠨᠲᠤ AI ᠪᠣᠯᠤᠨ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠦᠨᠵᠡᠭᠡᠶ ᠠᠭᠤᠰᠤᠯᠴᠠᠯ ᠢ ᠪᠡᠶᠡᠯᠡᠭᠦᠯᠪᠡ
ᠨᠡᠶᠢᠲᠡᠯᠡᠭᠰᠡᠨ ᠴᠠᠭ᠄
2025/5/21
      ᠰᠢᠯᠢ ᠶᠢᠨ ᠭᠤᠣᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤᠨ ᠤ ᠠᠯᠪᠠᠨ ᠲᠤᠰᠢᠶᠠᠯᠲᠠᠨ ᠤ ︽ᠰᠤᠷᠲᠠᠯ ᠢᠶᠠᠨ ᠬᠤᠪᠢᠷᠠᠭᠤᠯᠬᠤ᠂ ᠶᠠᠰᠤ ᠴᠢᠨᠠᠷ ᠦᠷ᠎ᠡ ᠪᠦᠲᠦᠮᠵᠢ ᠪᠠᠨ ᠳᠡᠭᠡᠭᠰᠢᠯᠡᠭᠦᠯᠬᠦ᠂ ᠬᠥᠭᠵᠢᠯᠲᠡ ᠶᠢ ᠠᠬᠢᠭᠤᠯᠬᠤ︾ ᠲᠤᠰᠬᠠᠶ ᠠᠵᠢᠯᠯᠠᠭ᠎ᠠ ᠳᠤ ᠤᠯᠠᠮ ᠨᠢᠭᠡ ᠠᠯᠬᠤᠮ ᠵᠣᠬᠢᠴᠠᠭᠤᠯᠬᠤ ᠶᠢᠨ ᠲᠥᠯᠥᠭᠡ᠂ ᠠᠷᠠᠳ ᠣᠯᠠᠨ ᠢᠶᠠᠷ ᠭᠤᠤᠯ ᠪᠣᠯᠭᠠᠬᠤ ᠦᠢᠯᠡᠴᠢᠯᠡᠭᠡᠨ ᠤ ᠣᠨᠣᠯᠵᠢᠬᠤᠨ ᠢ ᠯᠠᠪᠳᠠᠭᠤᠨ ᠪᠠᠲᠤᠲᠠᠶ ᠨᠠᠶᠢᠳᠠᠪᠤᠷᠢᠵᠢᠭᠤᠯᠪᠠ᠃ ᠣᠶᠢᠷ᠎ᠠ ᠳᠤ᠂ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ︽ᠢᠨᠲ᠋ᠧᠷ ᠰᠦᠯᠵᠢᠶᠡᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ︽DeepSeeek︾ ᠰᠦᠯᠵᠢᠶᠡᠨ ᠳᠡᠭᠡᠷᠡᠬᠢ ᠬᠢᠮᠡᠯ ᠣᠶᠤᠨ ᠤ ᠰᠢᠰᠲ᠋ᠧᠮ ᠳᠤ ᠵᠢᠩᠬᠢᠨᠢ ᠪᠠᠷ ᠵᠠᠯᠭᠠᠭᠤᠯᠵᠤ᠂ AI ᠮᠡᠷᠭᠡᠵᠢᠯ ᠬᠢᠭᠡᠳ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠦᠨᠵᠡᠭᠡᠶ ᠠᠭᠤᠰᠤᠯᠴᠠᠯ ᠢ ᠪᠡᠶᠡᠯᠡᠭᠦᠯᠪᠡ᠃
1891f7ede2dbbc7d6a6c6286ef72c6a9.jpg
     ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠡᠭᠦᠳᠡ ᠪᠠᠨ ᠬᠠᠭᠠᠬᠤ ᠥᠬᠡᠶ᠂ ᠥᠪᠡᠰᠦᠪᠡᠨ ᠦᠢᠯᠡᠴᠢᠯᠡᠬᠦ ᠦᠢᠯᠡᠴᠢᠯᠡᠭᠡ ᠪᠦᠬᠦᠯᠢ ᠡᠳᠦᠷ ᠢᠶᠠᠷ ᠢᠶᠠᠨ ᠶᠠᠪᠤᠭᠳᠠᠨ᠎ᠠ᠃ ᠣᠯᠠᠨ ᠲᠦᠮᠡᠨ ᠳᠣᠲᠣᠭᠠᠳᠤ ᠶᠢ ᠬᠠᠮᠠᠭᠠᠯᠠᠬᠤ ᠴᠣᠩᠬᠤᠨ ᠠᠴᠠ ᠠᠰᠠᠭᠤᠨ ᠯᠠᠪᠯᠠᠵᠤ ᠲᠤᠬᠠᠶᠢᠯᠠᠭᠰᠠᠨ ᠠᠵᠢᠯ ᠢᠶᠠᠨ ᠣᠶᠢᠯᠠᠭᠠᠬᠤ ᠳᠤ ᠪᠠᠨ ᠸᠢᠴᠠᠲ ᠢᠶᠠᠷ ᠳᠠᠮᠵᠢᠭᠤᠯᠤᠨ ︽ᠴᠢᠩ ᠰᠡᠳᠬᠢᠯ ᠢᠶᠠᠷ ᠭᠦᠢᠴᠡᠳᠭᠡᠬᠦ᠂ ᠤᠶᠤᠨᠲᠤ ᠴᠣᠭᠴᠠ︾ ᠬᠤᠶᠠᠷ ᠬᠡᠮᠵᠢᠯᠳᠦ ᠺᠣᠳ᠋ ᠢ ᠰᠢᠷᠪᠢᠵᠦ᠂ ᠲᠤᠬᠠᠶᠢᠯᠠᠭᠰᠠᠨ ᠠᠵᠢᠯ ᠢ ᠭᠦᠢᠴᠡᠳᠬᠡᠬᠦ ᠵᠠᠩᠭᠢᠯᠠᠭ᠎ᠠ ᠶᠢᠨ ᠦᠭᠡ ᠶᠢ ᠨᠢᠭᠡ ᠯᠡ ᠳᠠᠷᠤᠪᠴᠢ ᠪᠠᠷ ᠣᠷᠣᠭᠤᠯᠵᠤ ᠪᠣᠯᠤᠨ᠎ᠠ᠂ ᠤᠶᠤᠨᠲᠤ AI ᠲᠤᠰᠠᠯᠠᠭᠴᠢ ᠬᠡᠳᠦᠨ ᠰᠧᠺᠦ᠋ᠨ᠋ᠳ᠋ ᠤᠨ ᠳᠣᠲᠣᠷ᠎ᠠ ᠤᠴᠢᠷ ᠶᠠᠪᠤᠳᠠᠯ ᠢ ᠭᠥᠯᠢᠶᠡᠨ ᠠᠪᠴᠤ ᠰᠢᠢᠳᠪᠦᠷᠢᠯᠡᠬᠦ ᠨᠥᠬᠦᠴᠡᠯ᠂ ᠮᠠᠲ᠋ᠧᠷᠢᠶᠠᠯ ᠤᠨ ᠲᠣᠳᠣᠷᠬᠠᠶ ᠬᠠᠭᠤᠳᠠᠰᠤ᠂ ᠭᠦᠢᠴᠡᠳᠬᠡᠬᠦ ᠶᠠᠪᠤᠴᠠ᠂ ᠭᠤᠭᠴᠤᠭ᠎ᠠ ᠶᠢᠨ ᠴᠠᠭ ᠤᠨ ᠬᠢᠵᠠᠭᠠᠷ ᠵᠡᠷᠭᠡ ᠠᠭᠤᠯᠭ᠎ᠠ ᠶᠢ ᠪᠠᠭᠲᠠᠭᠠᠭᠰᠠᠨ ᠨᠠᠷᠢᠨ ᠲᠣᠳᠣᠷᠬᠠᠶ ᠬᠡᠷᠡᠭ ᠭᠦᠢᠴᠡᠳᠬᠡᠬᠦ ᠵᠦᠭᠯᠡᠭᠦᠷ ᠢ ᠪᠣᠶ ᠪᠣᠯᠭᠠᠵᠤ᠂ ᠡᠩ ᠤᠨ ᠴᠣᠩᠬᠤᠪᠴᠢ ᠠᠴᠠ ᠠᠰᠠᠭᠤᠨ ᠯᠠᠪᠯᠠᠬᠤ ᠵᠠᠭᠪᠤᠷ ᠢ ᠡᠪᠳᠡᠵᠦ᠂ ︽ ᠮᠠᠲ᠋ᠧᠷᠢᠶᠠᠯ ᠪᠦᠷᠢᠨ ᠪᠤᠰᠤ ᠳᠠᠬᠢᠨ ᠳᠠᠪᠳᠠᠯᠲᠠ︾ ᠪᠠᠶᠢᠳᠠᠯ ᠠᠴᠠ ᠲᠦᠢᠯᠪᠤᠷᠢᠲᠠᠶ ᠠᠩᠭᠢᠵᠢᠷᠠᠵᠤ ᠪᠣᠯᠤᠨ᠎ᠠ᠃ ᠣᠯᠠᠨ ᠲᠦᠮᠡᠨ ᠳᠤ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ 7 × 24 ᠴᠠᠭ ᠢᠶᠠᠷ ᠰᠦᠯᠵᠢᠶᠡᠨ ᠳᠡᠭᠡᠷ᠎ᠡ ᠠᠰᠠᠭᠤᠨ ᠯᠠᠪᠯᠠᠬᠤ ᠪᠠ ᠬᠥᠲᠥᠯᠦᠨ ᠵᠢᠯᠣᠭᠤᠳᠤᠨ᠎ᠠ᠃
微信图片_20250325162504.jpg
     ᠲᠣᠰ ᠤᠳᠠᠭᠠᠨ ᠤ ᠤᠶᠤᠨᠲᠤ AI ᠬᠢᠭᠡᠳ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠦᠨᠵᠡᠭᠡᠶ ᠠᠭᠤᠰᠤᠯᠴᠠᠯ ᠨᠢ ᠳᠣᠲᠣᠭᠠᠳᠤ ᠶᠢ ᠬᠠᠮᠠᠭᠠᠯᠠᠬᠤ ︽ᠤᠶᠤᠨᠲᠤ ᠵᠠᠰᠠᠭ ᠤᠨ ᠶᠠᠪᠤᠳᠠᠯ︾ ᠤᠨ ᠪᠠᠶᠢᠭᠤᠯᠤᠯᠲᠠ ᠰᠢᠨ᠎ᠡ ᠳᠡᠭᠲᠡᠷ ᠲᠤ ᠭᠠᠷᠤᠭᠰᠠᠨ ᠢ ᠬᠠᠷᠠᠭᠤᠯᠵᠤ ᠪᠠᠶᠢᠨ᠎ᠠ᠃ ᠬᠤᠶᠢᠰᠢᠳᠠ᠂ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠨ᠎ᠡ ᠪᠠᠶᠢᠳᠠᠯ ᠢ ᠦᠷᠭᠦᠯᠵᠢᠯᠡᠨ ᠥᠷᠭᠡᠳᠬᠡᠵᠦ᠂ ᠣᠯᠠᠨ ᠲᠦᠮᠡᠨ ᠤ  ᠬᠡᠷᠡᠭᠴᠡᠭᠡ  ᠱᠠᠭᠠᠷᠳᠠᠯᠭ᠎ᠠ  ᠶᠢ  ᠰᠢᠢᠳᠪᠦᠷᠢᠯᠡᠬᠦ  ᠪᠠᠷ ᠤᠳᠤᠷᠢᠳᠤᠮᠵᠢ ᠪᠣᠯᠭᠠᠨ᠂ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︽ᠭᠦᠢᠴᠡᠳᠬᠡᠵᠦ  ᠳᠡᠶᠢᠯᠬᠦ︾  ᠠᠴᠠ  ︽ᠰᠢᠢᠳᠪᠦᠷᠢᠯᠡᠬᠦ ᠳᠤ ᠬᠢᠯᠪᠠᠷᠬᠠᠨ︾ ︽ᠣᠶᠤᠨᠴᠢ ᠭᠦᠢᠴᠡᠳᠬᠡᠬᠦ︾ ᠳᠠᠰᠢ ᠲᠠᠰ ᠳᠡᠪᠰᠢᠭᠦᠯᠬᠦ ᠶᠢ ᠠᠬᠢᠭᠤᠯᠵᠤ᠂ ᠨᠠᠩ ᠤᠬᠠᠭᠠᠯᠢᠭ᠂ ᠥᠨᠳᠥᠷ ᠪᠦᠲᠦᠮᠵᠢᠲᠡᠶ᠂ ᠳᠥᠭᠦᠮ ᠳᠥᠲᠡ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠨ᠎ᠡ ᠵᠠᠭᠪᠤᠷ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃
ᠢᠷᠡᠯᠲᠡ᠄ ᠰᠢᠯᠢ ᠶᠢᠨ ᠭᠣᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ