ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 2025 ᠣᠨ ᠤ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠩᠨᠡᠭᠡᠨ ᠤ ᠴᠤᠭᠯᠠᠷᠠᠯᠲᠠ ᠵᠢᠴᠢ ᠭᠠᠵᠠᠷ ᠬᠥᠳᠡᠯᠦᠯᠲᠡ ᠶᠢᠨ ᠶᠡᠷᠦᠩᠬᠡᠶᠢᠯᠡᠭᠰᠡᠨ ᠠᠪᠤᠷᠠᠨ ᠲᠤᠰᠠᠯᠠᠵᠤ ᠪᠠᠴᠢᠮ ᠪᠠᠶᠢᠳᠠᠯ ᠢ ᠠᠷᠭᠠᠴᠠᠬᠤ ᠶᠢ ᠳᠠᠶᠢᠴᠢᠯᠠᠬᠤ ᠰᠣᠷᠢᠯᠲᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2025/5/6
      4 ᠰᠠᠷ᠎ᠠ ᠶᠢᠨ 27 ᠤ ᠦᠳᠡ ᠶᠢᠨ ᠡᠮᠦᠨ᠎ᠡ᠂ ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠭᠠᠵᠠᠷ ᠬᠥᠳᠡᠯᠦᠯᠲᠡ ᠵᠡᠷᠭᠡ ᠭᠠᠶ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠪᠦᠬᠦ ᠲᠠᠯ᠎ᠠ ᠪᠠᠷ ᠰᠢᠯᠭᠠᠨ ᠪᠠᠶᠢᠴᠠᠭᠠᠬᠤ᠂ ᠡᠯ᠎ᠡ ᠰᠠᠯᠠᠭ᠎ᠠ ᠮᠥᠴᠢᠷ ᠪᠠ ᠴᠠᠭᠳᠠᠭᠠᠨ ᠤ ᠲᠥᠷᠥᠯ ᠤᠨ ᠬᠠᠮᠲᠤᠷᠠᠨ ᠪᠠᠶᠢᠯᠳᠤᠬᠤ ᠴᠢᠳᠠᠪᠤᠷᠢ ᠶᠢᠨ ᠬᠢᠷᠢ ᠲᠦᠪᠰᠢᠨ ᠢ ᠲᠡᠭᠡᠭᠰᠢᠯᠡᠭᠦᠯᠬᠦ ᠶᠢᠨ ᠲᠥᠯᠥᠭᠡ᠂ ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢ ᠵᠣᠬᠢᠶᠠᠨ ᠪᠠᠶᠢᠭᠤᠯᠵᠤ ᠤᠳᠠ ᠲᠣᠭᠤᠷᠢᠭ ᠤᠨ ᠯᠠᠨ ᠲᠢᠩ ᠲᠠᠯᠠᠪᠠᠶ ᠳᠤ 2025 ᠣᠨ ᠤ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠩᠨᠡᠭᠡᠨ ᠤ ᠴᠤᠭᠯᠠᠷᠠᠯᠲᠠ ᠵᠢᠴᠢ ᠭᠠᠵᠠᠷ ᠬᠥᠳᠡᠯᠦᠯᠲᠡ ᠶᠢᠨ ᠶᠡᠷᠦᠩᠬᠡᠶᠢᠯᠡᠭᠰᠡᠨ ᠠᠪᠤᠷᠠᠨ ᠲᠤᠰᠠᠯᠠᠵᠤ ᠪᠠᠴᠢᠮ ᠪᠠᠶᠢᠳᠠᠯ ᠢ ᠠᠷᠭᠠᠴᠠᠬᠤ ᠶᠢ ᠳᠠᠶᠢᠴᠢᠯᠠᠬᠤ ᠰᠣᠷᠢᠯᠲᠠ ᠥᠷᠨᠢᠭᠦᠯᠪᠡ᠃ ᠬᠤᠲᠠ ᠶᠢᠨ ᠳᠡᠳ᠋ ᠳᠠᠷᠤᠭ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ᠂ ᠲᠠᠶᠢᠴᠢᠯᠠᠨ ᠴᠤᠭᠯᠠᠷᠠᠬᠤ ᠰᠣᠷᠢᠯᠲᠠ ᠶᠢᠨ ᠶᠡᠷᠦᠩᠬᠡᠶ ᠵᠢᠯᠣᠭᠤᠳᠣᠭᠴᠢ ᠵᠠᠩ ᠸᠧᠶ ᠵᠢᠴᠢ ᠭᠡᠷ ᠲᠤ ᠪᠠᠨ ᠪᠠᠶᠢᠭ᠎ᠠ ᠨᠠᠮ ᠤᠨ ᠬᠤᠷᠢᠶᠠᠨ ᠤ ᠪᠦᠷᠢᠯᠳᠦᠬᠦᠨ ᠨᠡᠷ ᠰᠣᠷᠢᠯᠲᠠ ᠶᠢ ᠲᠤᠬᠠᠶ ᠶᠢᠨ ᠲᠠᠯᠠᠪᠠᠶ ᠳᠤ ᠵᠢᠯᠣᠭᠤᠳᠴᠤ᠂ ᠬᠤᠲᠠ ᠶᠢᠨ ᠲᠣᠪᠴᠢᠶᠠᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠰᠣᠷᠢᠯᠲᠠ ᠶᠢ ᠦᠵᠡᠪᠡ᠃
微信图片_20250430103924.jpg
      ᠲᠤᠰ ᠤᠳᠠᠭᠠᠨ ᠤ ᠰᠣᠷᠢᠯᠲᠠ ᠳᠤ ︽ᠪᠣᠳᠠᠲᠤ ᠪᠠᠶᠢᠳᠠᠯ ᠳᠤ ᠰᠠᠭᠤᠷᠢᠯᠠᠨ᠂ ᠪᠣᠳᠠᠲᠤ ᠳᠠᠶᠢᠨ ᠳᠤ ᠬᠠᠨᠳᠤᠭᠤᠯᠬᠤ︾ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠪᠠᠴᠢᠮ ᠳᠠᠶᠢᠴᠢᠯᠠᠬᠤ ᠠᠷᠭ᠎ᠠ ᠶᠢ ᠠᠪᠴᠤ᠂ ︽ᠵᠠᠷᠯᠢᠭ ᠪᠠᠭᠤᠯᠭᠠᠬᠤ᠂ ᠲᠦᠷᠭᠡᠨ ᠳᠠᠭᠠᠬᠤ᠂ ᠡᠩᠨᠡᠭᠡᠯᠡᠨ ᠴᠤᠭᠯᠠᠷᠠᠬᠤ᠂ ᠤᠷ᠎ᠠ ᠴᠢᠳᠠᠪᠤᠷᠢ ᠪᠠᠨ ᠳᠡᠯᠭᠡᠨ ᠦᠵᠡᠭᠦᠯᠵᠦ᠂ ᠬᠠᠮᠵᠢᠯᠴᠠᠨ ᠤᠷᠤᠯᠳᠤᠬᠤ᠂ ᠪᠠᠶᠢᠳᠠᠯ ᠢᠶᠠᠨ ᠮᠡᠳᠡᠭᠦᠯᠬᠦ᠂ ᠳ᠋ᠦᠩᠨᠡᠨ ᠦᠨᠡᠯᠡᠬᠦ︾ ᠶᠠᠪᠤᠴᠠ ᠶᠣᠰᠣᠭᠠᠷ᠂ ᠡᠩᠨᠡᠭᠡ ᠶᠢᠨ ᠴᠤᠭᠯᠠᠷᠠᠨ ᠬᠥᠳᠡᠯᠬᠦ ᠨᠢ ᠲᠦᠷᠭᠡᠨ ᠡᠰᠡᠬᠦ᠂ ᠳᠤᠭᠤᠶᠢᠯᠠᠩ ᠬᠤᠪᠢᠶᠠᠬᠤ ᠨᠢ ᠵᠦᠢ ᠵᠣᠬᠢᠰᠲᠠᠢ ᠡᠰᠡᠬᠦ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠨᠢ ᠲᠣᠳᠣᠷᠬᠠᠢ ᠡᠰᠡᠬᠦ᠂ ᠪᠠᠴᠢᠮ ᠪᠠᠶᠢᠳᠠᠯ ᠢ ᠠᠷᠭᠠᠴᠠᠬᠤ ᠴᠢᠮᠡᠭᠡ ᠬᠤᠯᠪᠣᠭ᠎ᠠ ᠨᠢ ᠬᠡᠪ ᠤᠨ ᠡᠰᠡᠬᠦ᠂ ᠲᠤᠨᠤᠭ ᠲᠥᠬᠦᠭᠡᠷᠦᠮᠵᠢ ᠨᠢ ᠲᠡᠷᠭᠡᠨ ᠳᠤ ᠭᠠᠷᠤᠭᠰᠠᠨ ᠡᠰᠡᠬᠦ᠂ ᠰᠡᠷᠭᠡᠶᠢᠯᠡᠨ ᠬᠠᠮᠠᠭᠠᠯᠠᠬᠤ ᠲᠤᠨᠤᠭ ᠲᠥᠬᠦᠭᠡᠷᠦᠮᠵᠢ ᠨᠢ ᠪᠦᠷᠢᠨ ᠭᠦᠢᠴᠡᠳ ᠡᠰᠡᠬᠦ᠂ ᠪᠠᠲᠤᠯᠠᠭ᠎ᠠ ᠶᠢᠨ ᠡᠳ᠋ ᠪᠣᠳᠠᠰ ᠨᠢ ᠪᠦᠷᠢᠨ ᠭᠦᠢᠴᠡᠳ ᠡᠰᠡᠬᠦ ᠵᠡᠷᠭᠡ ᠠᠭᠤᠯᠭ᠎ᠠ ᠶᠢ ᠭᠤᠣᠯᠳᠠᠯᠭ᠎ᠠ ᠲᠠᠢ ᠰᠢᠯᠭᠠᠨ ᠪᠠᠶᠢᠴᠠᠭᠠᠵᠤ᠂ ᠠᠰᠠᠭᠤᠳᠠᠯ ᠢ ᠴᠠᠭ ᠲᠤᠬᠠᠢ ᠳᠤ ᠨᠢ ᠢᠯᠡᠷᠡᠭᠦᠯᠬᠦ᠂ ᠠᠰᠠᠭᠤᠳᠠᠯ ᠢ ᠰᠢᠢᠳᠪᠦᠷᠢᠯᠡᠬᠦ᠂ ᠡᠭᠦᠷᠭᠡ ᠶᠢᠨ ᠪᠡᠯᠡᠳᠬᠡᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠪᠠᠷ ᠵᠣᠷᠢᠯᠭ᠎ᠠ ᠪᠠᠨ ᠪᠣᠯᠭᠠᠪᠠ᠃
微信图片_20250430103939.jpg
微信图片_20250430104002.jpg
      ᠲᠣᠰ ᠤᠳᠠᠭᠠᠨ ᠤ ᠰᠣᠷᠢᠯᠲᠠ ᠳᠤ ᠭᠤᠷᠪᠠᠨ ᠲᠣᠭᠤᠷᠢᠭ ᠤᠨ ᠬᠤᠪᠢᠶᠠᠷᠢ ᠲᠣᠪᠴᠢᠶ᠎ᠠ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ᠂ ᠬᠤᠲᠠ ᠶᠢᠨ ᠲᠣᠪᠴᠢᠶ᠎ᠠ ᠶᠢᠨ ᠬᠤᠯᠪᠣᠭᠠᠲᠤ ᠠᠩᠭᠢ ᠶᠢᠨ ᠨᠡᠶᠢᠲᠡ 5 ᠠᠩᠭᠢ 180 ᠬᠥᠮᠦᠨ ᠣᠷᠣᠯᠴᠠᠵᠤ᠂ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠲᠡᠷᠭᠡ 39 ᠶᠢ ᠬᠥᠳᠡᠯᠭᠡᠵᠦ᠂ 350 ᠮᠤᠭ᠎ᠠ ᠶᠠᠷᠢᠯᠴᠠᠭᠤᠷ᠂ ᠵᠢᠯᠣᠭᠤᠴᠢ ᠥᠬᠡᠶ ᠨᠢᠰᠬᠡᠯ᠂ ᠴᠠᠭᠳᠠᠭᠤᠯ ᠨᠣᠬᠠᠶ᠂ ᠡᠪᠳᠡᠨ ᠵᠠᠳᠠᠯᠬᠤ ᠪᠠᠭᠠᠵᠢ᠂ ᠡᠷᠢᠵᠦ ᠠᠪᠤᠷᠠᠬᠤ ᠪᠠᠭᠠᠵᠢ᠂ ᠴᠠᠬᠢᠯᠭᠠᠨ ᠭᠠᠷᠭᠠᠬᠤ ᠮᠠᠰᠢᠨ᠂ ᠮᠠᠶᠢᠬᠠᠨ ᠵᠡᠷᠭᠡ ᠣᠯᠠᠨ ᠵᠦᠢᠯ ᠤᠨ ᠲᠣᠨᠤᠭ ᠲᠥᠬᠦᠭᠡᠷᠦᠮᠵᠢ ᠶᠢ ᠠᠪᠴᠤ ᠶᠠᠪᠤᠵᠠᠶ᠃ ᠰᠣᠷᠢᠯᠲᠠ ᠶᠢᠨ ᠳᠤᠮᠳᠠ᠂ ᠪᠦᠬᠦ ᠡᠩᠨᠡᠭᠡ ᠵᠠᠷᠯᠢᠭ ᠢ ᠰᠣᠨᠣᠰᠤᠮᠠᠭᠴᠠ ᠬᠥᠳᠡᠯᠦᠯᠴᠡᠵᠦ᠂ ᠦᠳᠲᠡᠷ ᠲᠦᠷᠭᠡᠨ ᠴᠤᠭᠯᠠᠷᠠᠵᠤ᠂ ᠪᠦᠬᠦ ᠶᠠᠪᠤᠴᠠ ᠪᠠᠴᠢᠮ ᠶᠠᠭᠠᠷᠠᠯᠲᠠᠢ ᠡᠮᠬᠢ ᠳᠢᠭᠯᠢᠮ ᠲᠠᠢ᠂ ᠬᠡᠷᠡᠭᠯᠡᠭᠰᠡᠨ ᠲᠤᠨᠤᠭ ᠲᠥᠬᠦᠭᠡᠷᠦᠮᠵᠢ ᠨᠢ ᠪᠦᠷᠢᠨ ᠭᠦᠢᠴᠡᠳ ᠪᠠᠶᠢᠵᠤ᠂ ᠡᠯ᠎ᠡ ᠭᠤᠭᠴᠤᠭ᠎ᠠ ᠶᠢ ᠵᠣᠬᠢᠴᠠᠭᠤᠯᠤᠨ ᠬᠠᠮᠵᠢᠯᠴᠠᠭᠤᠯᠵᠤ᠂ ᠠᠪᠴᠠᠯᠳᠤᠭᠤᠯᠤᠨ ᠨᠠᠶᠢᠳᠠᠪᠤᠷᠢᠵᠢᠭᠤᠯᠵᠤ᠂ ᠵᠢᠱᠢᠭᠰᠡᠨ ᠦᠷ᠎ᠡ  ᠳ᠋ᠦᠩ ᠳᠤ ᠬᠦᠷᠴᠡᠢ᠃ 
ᠢᠷᠡᠯᠲᠡ᠄ ᠦᠬᠠᠢ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ