ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠠᠪᠤᠨ ᠰᠠᠷ᠎ᠠ ᠶᠢᠨ ᠳᠥᠷᠪᠡᠨ ᠤ ᠵᠠᠯᠠᠭᠤᠴᠤᠳ ᠤᠨ ᠪᠠᠶᠠᠷ ᠤᠨ ᠰᠣᠨᠢᠷᠬᠠᠯᠲᠠᠢ ᠢᠳᠡᠷᠡᠭᠦᠨ ᠠᠯᠬᠤᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/6
      106 ᠳ᠋ᠤᠭᠠᠷ ︽ᠲᠠᠪᠤᠨ ᠰᠠᠷ᠎ᠠ ᠶᠢᠨ ᠲᠦᠷᠪᠡᠨ︾ ᠤ ᠵᠠᠯᠠᠭᠤᠴᠤᠳ ᠤᠨ ᠪᠠᠶᠠᠷ ᠢ ᠪᠡᠯᠭᠡᠯᠡᠵᠦ᠂ ︽ᠲᠠᠪᠤᠨ ᠰᠠᠷ᠎ᠠ ᠶᠢᠨ ᠲᠦᠷᠪᠡᠨ︾ ᠤ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠪᠠᠳᠠᠷᠠᠭᠤᠯᠤᠨ᠂ ᠴᠠᠭᠳᠠᠭᠠᠨ ᠤ ᠬᠤᠸᠠᠷᠠᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠵᠠᠯᠠᠭᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠨᠢᠭᠲᠠᠷᠠᠯ ᠤᠨ ᠬᠦᠴᠦᠨ ᠪᠠ ᠲᠥᠪᠯᠡᠩᠭᠦᠶ ᠬᠦᠴᠦᠨ ᠢ ᠴᠢᠩᠭᠠᠷᠠᠭᠤᠯᠬᠤ ᠶᠢᠨ ᠲᠥᠯᠥᠭᠡ᠂ ︽ᠨᠠᠮ ᠤᠨ ᠪᠠᠶᠢᠭᠤᠯᠤᠯᠲᠠ ᠶᠢ ᠠᠳᠬᠤᠬᠤ᠂ ᠬᠡᠪ ᠴᠢᠨᠠᠷ ᠢ ᠴᠢᠩᠭᠠᠳᠬᠠᠬᠤ᠂ ᠰᠤᠷᠲᠠᠯ ᠢ ᠴᠡᠭᠴᠡᠯᠡᠬᠦ᠂ ᠳᠦᠷᠢ ᠳᠥᠷᠬᠦ ᠶᠢ ᠪᠣᠢ ᠪᠣᠯᠭᠠᠬᠤ︾ ᠲᠤᠰᠬᠠᠶ ᠠᠵᠢᠯᠯᠠᠭ᠎ᠠ ᠶᠢ ᠦᠷᠭᠦᠯᠵᠢᠯᠡᠨ ᠠᠬᠢᠭᠤᠯᠬᠤ ᠶᠢᠨ ᠲᠥᠯᠥᠭᠡ᠂ ᠦᠬᠠᠢ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠪᠯᠡᠯ ᠤᠨ ᠬᠤᠷᠢᠶ᠎ᠠ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠵᠢᠯᠴᠢᠨ ᠤ ᠡᠪᠯᠡᠯ᠂ ᠴᠠᠭᠳᠠᠭ᠎ᠠ ᠶᠢᠨ ᠨᠡᠶᠢᠭᠡᠮᠯᠢᠭ᠂ ᠪᠡᠶ᠎ᠡ ᠶᠢᠨ ᠲᠠᠮᠢᠷ ᠤᠨ ᠨᠡᠶᠢᠭᠡᠮᠯᠢᠭ ᠲᠠᠢ ᠬᠠᠮᠲᠤᠷᠠᠨ 2025 ᠣᠨ ᠤ 4 ᠰᠠᠷ᠎ᠠ ᠶᠢᠨ 28 ᠤ ᠡᠳᠦᠷ ︽ᠲᠠᠪᠤᠨ ᠰᠠᠷ᠎ᠠ ᠶᠢᠨ ᠲᠦᠷᠪᠡᠨ︾ ᠤ ᠵᠠᠯᠠᠭᠤᠴᠤᠳ ᠤᠨ ᠪᠠᠶᠠᠷ ᠤᠨ ᠢᠳᠡᠷᠡᠭᠦᠨ ᠠᠯᠬᠤᠬᠤ ᠶᠢᠨ ᠠᠵᠢᠯᠯᠠᠭ᠎ᠠ ᠥᠷᠨᠢᠭᠦᠯᠵᠡᠢ᠃ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠬᠤᠯᠪᠣᠭᠳᠠᠯ ᠪᠦᠬᠦᠢ ᠤᠳᠤᠷᠢᠳᠤᠯᠭ᠎ᠠ ᠠᠵᠢᠯᠯᠠᠭ᠎ᠠ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠦ᠂ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ  ᠪᠠᠶᠢᠭᠤᠯᠭ᠎ᠠ ᠶᠢᠨ 200 ᠭᠠᠷᠤᠶ ᠠᠷᠠᠳ ᠴᠠᠭᠳᠠᠭ᠎ᠠ ᠬᠠᠪᠰᠤᠷᠤᠭᠴᠢ ᠴᠠᠭᠳᠠᠭ᠎ᠠ ᠠᠵᠢᠯᠯᠠᠭ᠎ᠠ ᠳᠤ ᠣᠷᠣᠯᠴᠠᠵᠠᠶ᠃
微信图片_20250429175558.jpg
     ᠲᠣᠰ ᠤᠳᠠᠭᠠᠨ ᠤ ᠢᠳᠡᠷᠡᠭᠦᠨ ᠠᠯᠬᠤᠬᠤ ᠠᠵᠢᠯᠯᠠᠭ᠎ᠠ ᠨᠢ ᠤᠯᠠᠮᠵᠢᠯᠠᠯᠲᠤ ᠵᠠᠭᠪᠤᠷ ᠢ ᠡᠪᠳᠡᠵᠦ᠂ ᠰᠢᠨ᠎ᠡ ᠶᠢ ᠡᠭᠦᠳᠴᠦ ᠣᠯᠠᠨ ᠡᠰᠢᠲᠦ ᠰᠣᠨᠢᠷᠬᠠᠯᠲᠤ ᠡᠯᠧᠮᠧᠨ᠋ᠲ ᠢ  ᠣᠷᠣᠭᠤᠯᠤᠭᠰᠠᠨ ᠪᠠᠶᠢᠨ᠎ᠠ᠃ ᠵᠠᠮ ᠳᠠᠭᠠᠤ ᠲᠠᠪᠤᠨ ᠰᠣᠨᠢᠷᠬᠠᠯᠲᠠᠢ ︽ᠲᠡᠮᠳᠡᠭᠯᠡᠬᠦ ᠴᠡᠭ︾ ᠲᠤᠬᠢᠷᠠᠭᠤᠯᠵᠤ᠂ ᠪᠦᠬᠦ ᠵᠠᠮ ᠨᠢ ᠪᠠᠷᠤᠭ 5.4 ᠺᠢᠯᠣᠮᠧᠲᠷ ᠪᠠᠶᠢᠵᠤ᠂ ᠲᠠᠪᠤᠨ ᠰᠠᠷ᠎ᠠ ᠶᠢᠨ ᠳᠦᠷᠪᠡᠨ ᠤ ᠵᠣᠷᠢᠭ ᠰᠠᠨᠠᠭ᠎ᠠ ᠶᠢ ᠪᠡᠯᠭᠡᠳᠡᠪᠡ᠃ ᠱᠦᠭᠯᠦ ᠶᠢᠨ ᠲᠠᠭᠤᠨ ᠢ ᠳᠠᠭᠠᠯᠳᠤᠨ ᠰᠣᠨᠢᠷᠬᠠᠯᠲᠠᠢ ᠢᠳᠡᠷᠡᠭᠦᠨ ᠠᠯᠬᠤᠬᠤ ᠬᠥᠳᠡᠯᠭᠡᠭᠡᠨ ᠵᠢᠩᠬᠢᠨᠢ ᠪᠠᠷ ᠡᠬᠢᠯᠡᠪᠡ᠃ ᠵᠠᠯᠠᠭᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠠᠮ ᠳᠠᠭᠠᠤ ᠶᠢᠨ ᠰᠣᠨᠢᠷᠬᠠᠯᠲᠠᠢ ︽ᠲᠡᠮᠳᠡᠭᠯᠡᠬᠦ ᠴᠡᠭ︾ ᠲᠤ ᠡᠯ᠎ᠡ  ᠵᠦᠢᠯ ᠤᠨ ᠰᠣᠨᠢᠷᠬᠠᠯᠲᠠᠶ ᠡᠭᠦᠷᠭᠡ ᠶᠢ ᠪᠡᠶᠡᠯᠡᠭᠦᠯᠪᠡᠯ ᠰᠠᠶ᠋ᠢ ᠲᠡᠮᠳᠡᠭᠯᠡᠬᠦ ᠲᠠᠮᠠᠭ᠎ᠠ ᠶᠢ ᠳᠠᠷᠤᠭᠤᠯᠵᠤ ᠲᠠᠶᠢᠯᠤᠨ᠎ᠠ᠃ ᠤᠯᠠᠨ ᠶᠠᠩᠵᠤ ᠶᠢᠨ ᠠᠵᠢᠯᠯᠠᠭ᠎ᠠ ᠶᠢᠨ ᠲᠦᠷᠦᠯ ᠵᠦᠢᠯ ᠨᠢ ᠬᠢᠵᠠᠭᠠᠯᠠᠰᠢ ᠦᠭᠡᠢ ᠪᠠᠶᠠᠷ ᠪᠠᠶᠠᠰᠤᠯ ᠬᠦᠷ ᠬᠦᠭᠵᠢᠶᠡᠨ ᠢ ᠠᠪᠴᠢᠷᠠᠵᠤ᠂ ᠴᠠᠭ ᠭᠠᠷᠤᠢ ᠶᠢᠨ ᠳᠠᠷᠠᠭ᠎ᠠ᠂ ᠪᠦᠬᠦ ᠬᠥᠮᠦᠰ ᠲᠤᠰ ᠤᠳᠠᠭ᠎ᠠ ᠶᠢᠨ ᠰᠣᠨᠢᠷᠬᠠᠯᠲᠠᠢ ᠢᠳᠡᠷᠡᠭᠦᠨ ᠠᠯᠬᠤᠭ᠎ᠠ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠡᠭᠦᠨ ᠢᠶᠠᠷ ᠳᠠᠮᠵᠢᠭᠤᠯᠤᠨ᠂ ᠦᠬᠠᠢ ᠶᠢᠨ ᠳᠣᠲᠣᠭᠠᠳᠤ ᠶᠢ ᠬᠠᠮᠠᠭᠠᠯᠠᠬᠤ ᠵᠠᠯᠠᠭᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠠᠮᠢᠵᠢᠷᠠᠯ ᠤᠨ ᠬᠦᠴᠦᠨ ᠪᠠ ᠢᠳᠡᠪᠬᠢᠲᠡᠢ ᠥᠭᠡᠳᠡᠯᠡᠨ ᠲᠠᠪᠰᠢᠬᠤ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠬᠠᠷᠠᠭᠤᠯᠵᠠᠢ᠃
微信图片_20250429175609.jpg
     ᠲᠣᠰ ᠤᠳᠠᠭᠠᠨ ᠤ ᠢᠳᠡᠷᠡᠭᠦᠨ ᠠᠯᠬᠤᠬᠤ ᠠᠵᠢᠯᠯᠠᠭ᠎ᠠ ᠪᠣᠯ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠠᠭᠳᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠰᠢᠷᠢᠰ ᠠᠵᠢᠯᠯᠠᠭ᠎ᠠ ᠶᠢᠨ ᠴᠢᠬᠤᠯᠠ ᠪᠦᠷᠢᠯᠳᠦᠬᠦᠨ ᠬᠡᠰᠡᠭ ᠮᠥᠨ᠂ ᠪᠠᠶᠠᠯᠢᠭ ᠰᠠᠶᠢᠬᠠᠨ ᠴᠠᠭᠳᠠᠭᠠᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠨᠠᠩ ᠣᠯᠠᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠪᠡᠶ᠎ᠡ ᠮᠠᠬᠠᠪᠣᠳ ᠢᠶᠠᠨ ᠳᠠᠪᠲᠠᠨ  ᠴᠢᠭᠢᠷᠠᠭᠵᠢᠭᠤᠯᠤᠨ᠂ ᠨᠠᠩ ᠴᠤᠭ ᠪᠠᠳᠠᠷᠠᠩᠭᠤᠶ ᠳᠦᠷᠢ ᠲᠥᠷᠬᠦ ᠪᠠᠷ ᠳᠣᠲᠣᠭᠠᠳᠤ ᠶᠢ ᠬᠠᠮᠠᠭᠠᠯᠠᠬᠤ ᠠᠵᠢᠯ ᠳᠤ ᠣᠷᠣᠯᠴᠠᠬᠤ ᠶᠢ ᠵᠣᠷᠢᠭᠵᠢᠭᠤᠯᠤᠨ ᠳᠠᠶᠢᠴᠢᠯᠠᠬᠤ ᠵᠣᠷᠢᠯᠭ᠎ᠠ ᠲᠠᠢ ᠶᠤᠮ᠃ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠠᠵᠢᠯᠯᠠᠭ᠎ᠠ ᠳᠤ ᠣᠷᠣᠯᠴᠠᠭᠰᠠᠨ ᠵᠠᠯᠠᠭᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠷ᠂ ᠲᠣᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠬᠦᠰᠡᠯᠡᠩ ᠲᠠᠢ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ᠂ ᠬᠦᠴᠢᠷ ᠵᠣᠪᠠᠭᠤᠷᠢ ᠶᠢ ᠠᠮᠰᠠᠵᠤ ᠴᠢᠳᠠᠬᠤ᠂ ᠴᠢᠷᠮᠠᠶᠢᠨ ᠲᠡᠮᠡᠴᠡᠬᠦ ᠰᠢᠨ᠎ᠡ ᠴᠠᠭ ᠦᠶ᠎ᠡ ᠶᠢᠨ ᠰᠠᠶᠢᠨ ᠵᠠᠯᠠᠭᠤᠴᠤᠳ ᠪᠣᠯᠬᠤ ᠪᠠᠷ ᠵᠣᠷᠢᠭ ᠰᠢᠭᠤᠳᠤᠨ᠎ᠠ ᠭᠡᠵᠦ ᠢᠯᠡᠳᠬᠡᠵᠡᠭᠡᠪᠡ᠃
微信图片_20250429175658.jpg
     ᠲᠣᠰ ᠤᠳᠠᠭᠠᠨ ᠤ ᠰᠣᠨᠢᠷᠬᠠᠯᠲᠠᠶ ᠢᠳᠡᠷᠡᠭᠦᠨ ᠠᠯᠬᠤᠬᠤ ᠠᠵᠢᠯᠯᠠᠭ᠎ᠠ ᠪᠣᠯ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠪᠯᠡᠯ ᠤᠨ ᠬᠤᠷᠢᠶ᠎ᠠ ᠶᠢᠨ ᠵᠠᠯᠠᠭᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢ ᠬᠠᠯᠠᠮᠵᠢᠯᠠᠨ ᠬᠠᠶᠢᠷᠠᠯᠠᠬᠤ ᠠᠵᠢᠯ ᠢ ᠭᠦᠨᠵᠡᠭᠡᠶᠢᠷᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠡᠨᠡ ᠨᠢ ᠠᠵᠢᠯ ᠤᠨ ᠳᠠᠷᠤᠭᠠᠰᠤ ᠶᠢ ᠪᠦᠲᠦᠮᠵᠢᠲᠡᠶ ᠬᠥᠩᠭᠡᠷᠡᠭᠦᠯᠦᠭᠰᠡᠨ ᠮᠥᠷᠲᠡᠭᠡᠨ ᠡᠩᠨᠡᠭᠡ ᠶᠢᠨ ᠲᠥᠪᠯᠡᠩᠭᠦᠶ ᠬᠦᠴᠦᠨ ᠪᠠ ᠳᠠᠶᠢᠴᠢᠨ ᠬᠦᠴᠦᠨ ᠢ ᠨᠡᠮᠡᠭᠳᠡᠭᠦᠯᠦᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠪᠯᠡᠯ ᠤᠨ ᠬᠤᠷᠢᠶ᠎ᠠ ᠠᠵᠢᠯᠯᠠᠭ᠎ᠠ ᠶᠢᠨ ᠬᠡᠯᠪᠡᠷᠢ ᠪᠠᠨ ᠦᠷᠭᠦᠯᠵᠢᠯᠡᠨ ᠰᠢᠨᠡᠴᠢᠯᠡᠵᠦ᠂ ᠵᠠᠯᠠᠭᠤᠴᠤᠳ ᠤᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠰᠡᠨ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠨᠡᠩ ᠤᠯᠠᠨ ᠥᠷᠨᠢᠭᠦᠯᠵᠦ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠵᠠᠯᠠᠭᠤ ᠨᠠᠰᠤᠨ ᠤ ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠨᠡᠮᠡᠷᠢᠯᠡᠨ᠎ᠡ᠃ 
ᠢᠷᠡᠯᠲᠡ᠄ ᠦᠬᠠᠢ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ