ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠪᠠᠶᠢᠭᠤᠯᠭ᠎ᠠ ᠵᠠᠯᠠᠭᠤ ᠺᠠᠳ᠋ᠷ ᠪᠣᠯᠤᠨ ᠭᠤᠤᠯᠳᠠᠯᠭ᠎ᠠ ᠲᠠᠢ ᠠᠵᠢᠯ ᠤᠨ ᠪᠠᠶᠢᠷᠢ ᠶᠢᠨ ᠬᠥᠮᠦᠰ ᠢ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/8
      ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ︽ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ︿ᠰᠤᠷᠤᠯᠴᠠᠬᠤ ᠪᠠᠷ ᠰᠤᠷᠲᠠᠯ ᠢᠶᠠᠨ ᠲᠥᠪ ᠪᠣᠯᠭᠠᠬᠤ﹀ ᠲᠤᠬᠠᠶ ᠴᠢᠬᠤᠯᠠ ᠱᠠᠭᠠᠷᠳᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ ᠰᠤᠷᠤᠯᠴᠠᠯᠭ᠎ᠠ ᠬᠥᠮᠦᠵᠢᠯ ᠤᠨ ᠳᠤᠮᠳᠠ ᠵᠠᠯᠠᠭᠤ ᠺᠠᠳ᠋ᠷᠴᠤᠳ ᠤᠨ ᠬᠥᠮᠦᠵᠢᠯ ᠬᠠᠮᠢᠶᠠᠷᠤᠯᠲᠠ ᠶᠢ ᠲᠣᠪᠤᠶᠢᠮ᠎ᠠ ᠰᠠᠶᠢᠲᠤᠷ ᠠᠳᠬᠤᠬᠤ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ 4 ᠰᠠᠷ᠎ᠠ ᠶᠢᠨ 29 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠵᠠᠯᠠᠭᠤ ᠺᠠᠳ᠋ᠷ ᠪᠣᠯᠤᠨ ᠭᠤᠤᠯᠳᠠᠯᠭ᠎ᠠ ᠲᠠᠢ ᠠᠵᠢᠯ ᠤᠨ ᠪᠠᠶᠢᠷᠢ ᠶᠢᠨ ᠬᠥᠮᠦᠰ ᠢ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠪᠠ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠵᠥᠪᠯᠡᠯ ᠤᠨ ᠲᠢᠶᠠᠨ ᠭᠧᠨ ᠨᠥᠬᠦᠷ ᠢ ᠣᠨᠴᠠᠭᠠᠶᠢᠯᠠᠨ ᠤᠷᠢᠵᠤ ︽ᠬᠡᠷᠡᠭ ᠤᠨ ᠵᠢᠱᠢᠶ᠎ᠡ ᠪᠠᠷ ᠲᠥᠪ  ᠤᠨ  ᠨᠠᠢᠮᠠᠨ  ᠲᠣᠭᠲᠠᠭᠠᠯ  ᠤᠨ  ᠵᠣᠷᠢᠭ  ᠰᠠᠨᠠᠭ᠎ᠠ ᠶᠢ ᠲᠠᠶᠢᠯᠪᠤᠷᠢᠯᠠᠬᠤ︾ ᠰᠡᠳᠦᠪ ᠢᠶᠠᠷ ᠲᠤᠰᠬᠠᠶ ᠰᠡᠳᠦᠪᠲᠦ ᠬᠠᠪᠰᠤᠷᠤᠨ ᠵᠢᠯᠣᠭᠤᠳᠣᠯᠭ᠎ᠠ ᠬᠢᠯᠭᠡᠵᠦ᠂ ᠬᠡᠷᠡᠭ ᠢᠶᠠᠷ ᠰᠠᠬᠢᠯᠭ᠎ᠠ ᠪᠠᠲᠤ ᠶᠢ ᠲᠣᠳᠣᠷᠬᠠᠶᠢᠯᠠᠵᠤ᠂ ᠬᠡᠷᠡᠭ ᠢᠶᠠᠷ ᠰᠡᠷᠡᠮᠵᠢᠯᠡᠭᠦᠯᠵᠦ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠵᠤ᠂ ᠵᠠᠯᠠᠭᠤ ᠺᠠᠳ᠋ᠷᠴᠤᠳ ᠤᠨ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠤᠬᠠᠮᠰᠠᠷ ᠢ ᠦᠨᠡᠨ ᠬᠦ ᠳᠡᠭᠡᠭᠰᠢᠯᠡᠭᠦᠯᠦᠨ᠂ ᠴᠠᠭᠳᠠᠭ᠎ᠠ ᠶᠢᠨ ᠠᠵᠢᠯ ᠢᠶᠠᠨ ᠠᠷᠢᠭᠤᠨ ᠴᠢᠬᠡᠴᠢ ᠪᠠᠷ ᠰᠠᠶᠢᠲᠤᠷ ᠬᠢᠬᠦ ᠬᠡᠷᠡᠭᠲᠡᠶ ᠭᠡᠪᠡ᠃
青年干部.jpg
      ᠡᠷᠬᠢᠯᠡᠭᠴᠢ ᠲᠢᠶᠠᠨ ᠭᠧᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠦᠨᠳᠦᠷᠴᠡ ᠠᠴᠠ ᠶᠡᠷᠦᠩᠬᠡᠢ ᠱᠦᠵᠢ ᠰᠢ ᠶᠢᠨ ᠫᠢᠩ ᠤᠨ ᠰᠤᠷᠲᠠᠯ ᠤᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢᠨ ᠪᠣᠳᠠᠲᠠᠢ ᠠᠭᠤᠯᠭ᠎ᠠ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠵᠣᠷᠢᠭ ᠰᠠᠨᠠᠭᠠᠨ ᠤ ᠠᠭᠤᠯᠤᠭᠳᠠᠬᠤᠨ ᠢ ᠲᠣᠳᠣᠷᠬᠠᠶᠢᠯᠠᠨ ᠥᠭᠦᠯᠡᠭᠰᠡᠨ ᠪᠥᠭᠡᠳ ᠪᠣᠳᠠᠲᠠᠢ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠬᠡᠷᠬᠢᠨ ᠨᠡᠩ ᠰᠠᠶᠢᠲᠤᠷ ᠵᠢᠷᠤᠮᠯᠠᠬᠤ ᠲᠤᠬᠠᠢ ᠭᠦᠨᠵᠡᠭᠡᠢ ᠲᠠᠶᠢᠯᠪᠤᠷᠢᠯᠠᠵᠤ᠂ ᠲᠦᠷᠢᠮ ᠲᠣᠭᠲᠠᠭᠠᠯ ᠰᠠᠬᠢᠯᠭ᠎ᠠ ᠪᠠᠲᠤ ᠠᠴᠠ ᠵᠥᠷᠢᠴᠡᠭᠰᠡᠨ ᠠᠵᠢᠯᠯᠠᠭ᠎ᠠ ᠶᠢ ᠢᠯᠭᠠᠬᠤ ︽ᠰᠠᠬᠢᠯᠭ᠎ᠠ ᠪᠠᠲᠤ ᠶᠢᠨ ᠤᠯᠠᠭᠠᠨ ᠱᠤᠭᠤᠮ︾ ᠢ ᠲᠣᠳᠣᠷᠬᠠᠶᠢᠯᠠᠪᠠ᠃ ᠲᠠᠶᠢᠯᠤᠮᠵᠢ ᠨᠢ ᠭᠦᠨᠵᠡᠭᠡᠢ ᠪᠥᠭᠡᠳ ᠣᠶᠢᠯᠠᠭᠠᠮᠵᠢᠲᠠᠢ᠂ ᠠᠭᠤᠯᠭ᠎ᠠ ᠨᠢ ᠪᠠᠶᠠᠯᠢᠭ᠂ ᠬᠡᠷᠡᠭ ᠤᠨ ᠵᠢᠱᠢᠶ᠎ᠡ ᠨᠢ ᠨᠠᠷᠢᠨ ᠪᠣᠳᠠᠲᠠᠢ ᠪᠠᠶᠢᠵᠤ᠂ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠨᠡᠪᠲᠡᠷᠬᠡᠢ ᠣᠶᠢᠯᠠᠭᠠᠬᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢᠨ ᠭᠤᠣᠯ ᠵᠤᠷᠢᠯᠳᠠᠳᠤ ᠴᠢᠬᠤᠯᠠ ᠠᠭᠤᠯᠭ᠎ᠠ ᠶᠢ ᠣᠨᠣᠪᠴᠢᠲᠠᠢ ᠡᠵᠡᠮᠰᠢᠬᠦ ᠳᠤ ᠮᠠᠰᠢ ᠰᠠᠶᠢᠨ ᠵᠢᠯᠣᠭᠤᠳᠬᠤ ᠠᠴᠢ ᠬᠤᠯᠪᠣᠭᠳᠠᠯ ᠲᠠᠢ ᠶᠤᠮ᠃       ᠬᠤᠷᠠᠯ ᠠᠴᠠ᠂ ᠵᠠᠯᠠᠭᠤ ᠺᠠᠳ᠋ᠷ ᠪᠣᠯ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠬᠦᠴᠦᠨ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠤᠨ ᠵᠠᠯᠭᠠᠮᠵᠢᠯᠠᠭᠴᠢ ᠮᠥᠨ᠂ ᠨᠠᠮ ᠠᠴᠠ ᠵᠠᠯᠠᠭᠤ ᠺᠠᠳ᠋ᠷ ᠢ ᠬᠥᠮᠦᠵᠢᠭᠦᠯᠵᠦ ᠰᠣᠩᠭᠤᠨ ᠳᠡᠪᠰᠢᠭᠦᠯᠬᠦ ᠠᠵᠢᠯ ᠢ ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠠᠯᠠᠭᠤ ᠺᠠᠳ᠋ᠷ ᠰᠠᠬᠢᠯᠭ᠎ᠠ ᠪᠠᠲᠤ ᠶᠣᠰᠣ ᠲᠦᠷᠢᠮ ᠤᠨ ᠤᠬᠠᠮᠰᠠᠷ ᠢᠶᠠᠨ ᠲᠠᠰᠤᠷᠠᠯᠳᠠ ᠦᠭᠡᠢ ᠴᠢᠩᠭᠠᠳᠬᠠᠵᠤ᠂ ᠠᠷᠢᠭᠤᠨ ᠴᠢᠬᠡᠴᠢ ᠪᠠᠷ ᠵᠠᠰᠠᠭ ᠤᠨ ᠠᠵᠢᠯ ᠬᠢᠬᠦ ︽ᠠᠩᠬᠠᠨ ᠤ ᠲᠣᠪᠴᠢ︾ ᠶᠢ ᠰᠠᠶᠢᠲᠤᠷ ᠲᠣᠪᠴᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ︽ᠰᠤᠷᠤᠯᠴᠠᠬᠤ︾ ᠶᠢ ᠲᠡᠷᠢᠭᠦᠨ ᠴᠢᠬᠤᠯᠠ ᠡᠭᠦᠷᠭᠡ ᠪᠣᠯᠭᠠᠨ ᠢᠮᠠᠭᠲᠠ ᠲᠤᠭᠤᠰᠢᠯᠠᠭᠤᠯᠵᠤ᠂ ᠨᠣᠮ ᠤᠩᠰᠢᠬᠤ ᠠᠩᠬᠢ᠂ ︽ᠭᠤᠷᠪᠠᠨ ᠬᠤᠷᠠᠯ ᠨᠢᠭᠡ ᠬᠢᠴᠢᠶᠡᠯ︾᠂ ᠵᠠᠯᠠᠭᠤᠴᠤᠳ ᠤᠨ ᠤᠨᠤᠯ ᠰᠤᠷᠤᠯᠴᠠᠬᠤ ᠳᠤᠭᠤᠶᠢᠯᠠᠩ ᠵᠡᠷᠭᠡ ᠠᠴᠢᠶᠠᠯᠠᠪᠤᠷᠢ ᠶᠢ ᠬᠡᠷᠡᠭᠯᠡᠨ᠂ ᠰᠣᠯᠢᠯᠴᠠᠭ᠎ᠠ ᠬᠢᠵᠦ ᠰᠤᠳᠤᠯᠤᠨ ᠶᠠᠷᠢᠯᠴᠠᠬᠤ᠂ ᠪᠣᠳᠠᠲᠠᠢ ᠭᠠᠵᠠᠷ ᠲᠤ ᠨᠢ ᠰᠤᠳᠤᠯᠤᠨ ᠰᠤᠷᠤᠯᠴᠠᠬᠤ᠂ ᠬᠡᠷᠡᠭ ᠤᠨ ᠵᠢᠱᠢᠶ᠎ᠡ ᠶᠢ ᠵᠠᠳᠠᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠡᠰᠡᠷᠭᠦ ᠲᠠᠯ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠠᠴᠠ ᠭᠦᠨᠵᠡᠭᠡᠢ ᠰᠤᠷᠭᠠᠮᠵᠢ ᠠᠪᠴᠤ᠂ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠬᠤ ᠳᠤᠮᠳᠠ ᠢᠲᠡᠭᠡᠯ ᠪᠢᠰᠢᠷᠡᠯ ᠤᠨ ᠰᠠᠭᠤᠷᠢ ᠪᠠᠨ ᠦᠷᠭᠦᠯᠵᠢᠯᠡᠨ ᠪᠠᠬᠢᠵᠢᠭᠦᠯᠵᠦ᠂ ᠮᠡᠳᠡᠬᠦᠢ ᠬᠢᠬᠦᠢ ᠪᠠᠨ ᠨᠢᠭᠡᠳᠬᠡᠬᠦ ᠳᠤᠮᠳᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠰᠠᠬᠢᠯᠭ᠎ᠠ ᠪᠠᠲᠤ ᠶᠣᠰᠣ ᠲᠦᠷᠢᠮ ᠢ ᠡᠮᠦᠨ᠎ᠡ ᠪᠠᠨ ᠲᠠᠯᠪᠢᠵᠤ᠂ ᠭᠠᠭᠴᠠᠭᠠᠷ ᠪᠠᠶᠢᠬᠤ ᠳᠤ ᠪᠠᠨ ᠪᠣᠯᠭᠤᠮᠵᠢᠯᠠᠵᠤ᠂ ᠪᠠᠭ᠎ᠠ ᠳᠡᠭᠡᠷ᠎ᠡ ᠨᠢ ᠰᠡᠷᠭᠡᠶᠢᠯᠡᠵᠦ᠂ ᠰᠤᠷᠤᠯᠴᠠᠯᠭ᠎ᠠ ᠬᠥᠮᠦᠵᠢᠯ ᠲᠠᠢ ᠴᠢᠩᠭ᠎ᠠ ᠬᠠᠷᠭᠤᠭᠤᠯᠤᠨ ᠠᠰᠠᠭᠤᠳᠠᠯ ᠢ ᠪᠠᠶᠢᠴᠠᠭᠠᠨ ᠢᠯᠡᠷᠡᠭᠦᠯᠵᠦ᠂ ᠥᠪᠡᠷ ᠤᠨ ᠪᠡᠶ᠎ᠡ ᠶᠢᠨ ᠳᠤᠲᠠᠭᠳᠠᠯ ᠪᠠ ᠬᠦᠷᠦᠯᠴᠡᠬᠦ ᠥᠬᠡᠶ ᠲᠠᠯ᠎ᠠ ᠪᠠᠨ ᠰᠠᠨᠠᠭᠠᠴᠢᠯᠠᠭ᠎ᠠ ᠠᠴᠠ ᠪᠠᠨ ᠡᠷᠢᠵᠦ᠂ ᠵᠣᠷᠢᠭᠲᠠᠶ ᠪᠠᠷ ᠵᠠᠯᠠᠷᠠᠭᠤᠯᠬᠤ ᠬᠡᠷᠡᠭᠲᠡᠶ᠃ ᠪᠠᠶᠢᠴᠠᠭᠠᠨ ᠢᠯᠡᠷᠡᠭᠦᠯᠦᠭᠰᠡᠨ ᠠᠰᠠᠭᠤᠳᠠᠯ ᠠᠶᠤᠯ ᠲᠦᠭᠰᠢᠭᠦᠷᠢ ᠶᠢ ᠪᠠᠷᠢᠨ ᠢᠯᠡᠷᠡᠭᠦᠯᠪᠡᠯ ᠪᠠᠷᠢᠨ ᠰᠠᠶᠢᠵᠢᠷᠠᠭᠤᠯᠬᠤ᠂ ᠮᠡᠳᠡᠭᠰᠡᠨ ᠳᠠᠷᠤᠢ ᠳᠤ ᠪᠠᠨ ᠰᠠᠶᠢᠵᠢᠷᠠᠭᠤᠯᠬᠤ ᠶᠢ ᠪᠠᠷᠢᠮᠲᠠᠯᠠᠵᠤ᠂ ᠰᠡᠷᠭᠡᠶᠢᠯᠡᠬᠦ ᠤᠬᠠᠮᠰᠠᠷ ᠢᠶᠠᠨ ᠴᠢᠩᠭᠠᠳᠬᠠᠵᠤ᠂ ᠥᠪᠡᠷ ᠢ ᠪᠠᠨ ᠴᠢᠩᠭ᠎ᠠ ᠬᠢᠵᠠᠭᠠᠷᠯᠠᠬᠤ ᠬᠡᠷᠡᠭᠲᠡᠢ ᠭᠡᠵᠦ ᠱᠠᠭᠠᠷᠳᠠᠪᠠ᠃
重点岗位.jpg
      ᠤᠯᠠᠨ ᠢᠶᠠᠷ ᠢᠶᠠᠨ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠥᠳᠥᠭᠡᠯᠭᠡ ᠳᠤ ᠡᠷᠡᠰ ᠥᠳᠥᠭᠡᠭᠳᠡᠬᠦ ᠦᠭᠡᠢ᠂ ᠠᠷᠢᠭᠤᠨ ᠴᠢᠬᠡᠴᠢ ᠤᠯᠤᠰ ᠲᠦᠷᠦ ᠶᠢᠨ ᠮᠥᠨ ᠴᠢᠨᠠᠷ ᠢᠶᠠᠨ ᠪᠠᠲᠤᠯᠠᠵᠤ᠂ ᠲᠤᠰ ᠪᠡᠶ᠎ᠡ ᠶᠢᠨ ᠰᠤᠷᠤᠯᠴᠠᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠤᠯᠤᠰ ᠲᠦᠷᠦ ᠶᠢᠨ ᠬᠡᠪ ᠪᠣᠯᠪᠠᠰᠤᠷᠠᠯ ᠪᠣᠯᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠷᠠᠳ ᠲᠦᠮᠡᠨ ᠤ ᠲᠥᠯᠥᠭᠡ ᠭᠡᠬᠦ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠂ ᠠᠷᠠᠳ ᠲᠦᠮᠡᠨ ᠤ ᠠᠮᠤᠷ ᠠᠮᠤᠭᠤᠯᠠᠩ ᠢ ᠪᠠᠲᠤᠯᠠᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃       ᠲᠠᠶᠢᠯᠤᠮᠵᠢ ᠶᠢ ᠸᠢᠳᠢᠣ᠋ ᠪᠠᠷ ᠬᠤᠷᠠᠯᠳᠤᠭᠤᠯᠵᠤ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠪᠠᠶᠢᠭᠤᠯᠭ᠎ᠠ ᠶᠢᠨ ᠵᠠᠯᠠᠭᠤ ᠺᠠᠳ᠋ᠷ ᠪᠣᠯᠤᠨ ᠭᠤᠣᠯᠳᠠᠯᠭ᠎ᠠ ᠲᠠᠢ ᠠᠵᠢᠯ ᠤᠨ ᠪᠠᠶᠢᠷᠢ ᠶᠢᠨ ᠬᠥᠮᠦᠰ ᠭᠤᠣᠯ ᠬᠤᠷᠠᠯ ᠤᠨ ᠲᠠᠯᠠᠪᠠᠢ ᠳᠤ ᠲᠠᠶᠢᠯᠤᠮᠵᠢ ᠶᠢ ᠰᠣᠨᠣᠰᠴᠤ᠂ ᠥᠨᠳᠥᠷ ᠬᠤᠷᠳᠤ ᠶᠢᠨ ᠵᠠᠰᠠᠮᠠᠯ ᠵᠠᠮ᠂ ᠶᠡᠭᠡ ᠬᠢᠩᠭᠠᠨ ᠳᠠᠪᠠᠭ᠎ᠠ᠂ ᠨᠢᠰᠬᠡᠯ ᠤᠨ ᠪᠠᠭᠤᠳᠠᠯ ᠤᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠬᠤᠯᠪᠣᠭᠳᠠᠯ ᠪᠦᠬᠦᠢ ᠬᠥᠮᠦᠰ ᠬᠤᠪᠢᠶᠠᠷᠢ ᠬᠤᠷᠠᠯ ᠤᠨ ᠲᠠᠯᠠᠪᠠᠢ ᠳᠤ ᠰᠤᠷᠤᠯᠴᠠᠯᠭ᠎ᠠ ᠳᠤ ᠣᠷᠣᠯᠴᠠᠵᠤ᠂ ᠨᠡᠶᠢᠳᠡ 1000 ᠭᠠᠷᠤᠢ ᠬᠥᠮᠦᠨ ᠰᠡᠷᠡᠮᠵᠢᠯᠡᠭᠦᠯᠬᠦ ᠬᠥᠮᠦᠵᠢᠯ ᠬᠦᠷᠳᠡᠪᠡ᠃
ᠢᠷᠡᠯᠲᠡ᠄ ᠦᠪᠦᠷ ᠮᠤᠩᠭᠤᠯ ᠤᠨ ᠲᠤᠳᠤᠭᠠᠳᠦ  ᠶᠢ ᠬᠠᠮᠠᠭᠠᠯᠠᠬᠤ ᠲᠢᠩᠬᠢᠮ