︽5.1︾ ᠤ ᠠᠮᠠᠷᠠᠯᠲᠠ ᠶᠢᠨ ᠬᠤᠭᠤᠴᠠᠭᠠᠨ ᠳᠤ᠂ ᠬᠥᠯᠥᠨ ᠪᠤᠶᠢᠷ ᠬᠤᠳᠠ ᠨᠢ ᠠᠮᠤᠷ ᠲᠣᠭᠳᠠᠭᠤᠨ ᠡᠮᠬᠢ ᠳᠢᠭᠯᠢᠮ ᠲᠠᠢ ᠪᠠᠷ ᠢᠶᠠᠨ ᠬᠤᠳᠠ ᠶᠢᠨ ᠠᠷᠠᠳ | ᠪᠣᠯᠤᠨ ᠵᠤᠭᠠᠴᠠᠭᠰᠠᠳ ᠤᠨ ᠰᠡᠳᠬᠢᠯ ᠳᠤ ᠲᠠᠭᠠᠯᠠᠭᠳᠠᠵᠤ ᠵᠤᠭᠠᠴᠠᠨ ᠲᠣᠭᠤᠷᠢᠬᠤ ᠰᠠᠶᠢᠨ ᠰᠣᠩᠭᠤᠯᠲᠠ ᠪᠣᠯᠤᠭᠰᠠᠨ ᠪᠠᠶᠢᠨ᠎ᠠ᠃ ᠡᠨᠡ ᠬᠤᠭᠤᠴᠠᠭᠠᠨ ᠳᠤ᠂ ᠬᠥᠯᠥᠨ | ᠪᠣᠶᠢᠷ ᠬᠤᠲᠠ ᠶᠢᠨ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ | ᠲᠣᠭᠲᠠᠭᠤᠨ ᠢ ᠬᠠᠮᠠᠭᠠᠯᠠᠬᠤ᠂ ᠬᠥᠭᠵᠢᠯᠲᠡ ᠶᠢ ᠠᠬᠢᠭᠤᠯᠬᠤ ᠪᠠᠷ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠳᠠᠯᠳᠠ ᠭᠡᠮ ᠢ ᠪᠦᠬᠦ ᠬᠦᠴᠦᠨ ᠢᠶᠠᠷ ᠴᠡᠪᠡᠷᠯᠡᠨ | ᠠᠷᠢᠯᠭᠠᠵᠤ᠂ ᠪᠦᠬᠦ ᠬᠤᠲᠠ ᠶᠢᠨ ᠠᠮᠤᠷ ᠲᠣᠭᠲᠠᠭᠤᠨ ᠡᠮᠬᠢ ᠳᠢᠭᠯᠢᠮ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠪᠠ᠃ ᠠᠮᠠᠷᠠᠯᠲᠠ ᠶᠢᠨ | ᠬᠤᠭᠤᠴᠠᠭᠠᠨ ᠳᠤ ᠪᠦᠬᠦ ᠬᠤᠲᠠ ᠳᠤ ᠨᠡᠶᠢᠲᠡ 7842 ᠭᠠᠷᠤᠶ ᠴᠠᠭᠳᠠᠭ᠎ᠠ᠂ 2826 ᠴᠠᠭᠳᠠᠭᠠᠨ ᠤ ᠲᠡᠷᠭᠡ ᠶᠢ ᠬᠥᠳᠡᠯᠭᠡᠵᠦ᠂ ᠡᠷᠡᠭᠦᠦ ᠶᠢᠨ ᠶᠠᠯ᠎ᠠ ᠬᠢᠭᠰᠡᠨ | ᠰᠡᠵᠢᠭᠲᠡᠢ 18 ᠬᠥᠮᠥᠨ᠂ ᠵᠠᠰᠠᠭ ᠵᠠᠬᠢᠷᠭᠠᠨ ᠤ ᠬᠡᠷᠡᠭ ᠤᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠲᠠᠢ 77 ᠬᠥᠮᠦᠨ ᠳᠤ ᠴᠣᠬᠢᠯᠲᠠ ᠥᠭᠴᠦ᠂ ᠬᠤᠲᠠ ᠶᠢᠨ | ᠠᠷᠠᠳ ᠪᠣᠯᠤᠨ ᠵᠤᠭᠠᠴᠠᠭᠰᠠᠳ ᠲᠤ ᠠᠮᠤᠷ ᠲᠦᠪᠰᠢᠨ᠂ ᠲᠠᠭᠠᠯᠠᠮᠵᠢᠲᠠᠶ ᠠᠮᠠᠷᠠᠯᠲᠠ ᠶᠢᠨ ᠣᠷᠴᠢᠨ ᠨᠥᠭᠦᠴᠡᠯ ᠢ ᠬᠠᠩᠭᠠᠪᠠ᠃ | | | | ᠣᠯᠠᠨ ᠲᠠᠯ᠎ᠠ ᠠᠴᠠ ᠰᠡᠷᠭᠡᠶᠢᠯᠡᠨ ᠡᠵᠡᠮᠳᠡᠵᠦ ᠠᠮᠤᠷ ᠲᠣᠭᠳᠠᠭᠤᠨ ᠤ ︽ᠬᠠᠯᠬᠠᠪᠴᠢ ᠬᠡᠷᠡᠮ︾ ᠢ ᠪᠠᠲᠤ ᠴᠣᠭᠴᠠᠯᠠᠪᠠ᠃ ᠪᠦᠬᠦ ᠬᠤᠳᠠ ᠶᠢᠨ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ︽︿5.1﹀ ᠤ ᠭᠠᠵᠠᠷ ᠠᠭᠠᠷ ᠤᠨ ᠪᠣᠰᠤᠭ᠎ᠠ ᠴᠣᠭᠴᠠᠲᠤ ᠲᠣᠭᠤᠷᠢᠨ ᠰᠡᠷᠭᠡᠶᠢᠯᠡᠬᠦ ᠵᠠᠭᠪᠤᠷ︾ ᠢ ᠡᠬᠢᠯᠡᠭᠦᠯᠵᠦ᠂ ᠵᠢᠯᠣᠭᠤᠴᠢ ᠦᠬᠡᠢ | ᠨᠢᠰᠬᠡᠯ ᠢᠶᠠᠷ ᠲᠣᠭᠤᠷᠢᠨ ᠴᠠᠭᠳᠠᠬᠤ ᠠᠩᠬᠢ ᠨᠢ ᠦᠵᠡᠮᠵᠢ ᠶᠢᠨ ᠣᠷᠣᠨ᠂ ᠬᠤᠳᠠᠯᠳᠤᠭᠠᠨ ᠤ ᠲᠣᠭᠤᠷᠢᠭ ᠵᠡᠷᠭᠡ ᠭᠤᠣᠯᠳᠠᠯᠭ᠎ᠠ ᠲᠠᠢ ᠣᠷᠣᠨ ᠪᠦᠰᠡ ᠳᠤ ᠡᠳᠦᠷ ᠪᠦᠷᠢ | ᠠᠭᠠᠷ ᠲᠠᠬᠢ ᠲᠣᠭᠤᠷᠢᠨ ᠪᠠᠶᠢᠴᠠᠭᠠᠯᠲᠠ ᠬᠢᠵᠦ᠂ ᠡᠯ᠎ᠡ ᠵᠦᠢᠯ ᠤᠨ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠢ ᠳᠤ ᠨᠢ ᠢᠯᠡᠷᠡᠭᠦᠯᠵᠦ ᠰᠢᠢᠳᠪᠦᠷᠢᠯᠡᠪᠡ︔ | ᠡᠭᠦᠨ ᠤ ᠬᠠᠮᠲᠤ᠂ ︽1᠂ 3᠂ 5 ᠮᠢᠨᠦ᠋ᠲ︾ ᠤᠨ ᠲᠦᠷᠭᠡᠨ ᠳᠠᠭᠠᠬᠤ ᠲᠣᠭᠲᠠᠴᠠ ᠳᠤ ᠲᠦᠰᠢᠭᠯᠡᠨ᠂ ᠭᠡᠨᠡᠳᠲᠡ ᠶᠢᠨ ᠬᠡᠷᠡᠭ ᠤᠨ ᠪᠠᠶᠢᠳᠠᠯ ᠢ ᠲᠡᠷᠡ ᠳᠠᠷᠤᠶ ᠳᠤ ᠨᠢ | ᠳᠠᠭᠠᠵᠤ ᠰᠢᠢᠳᠪᠦᠷᠢᠯᠡᠪᠡ᠃ ᠪᠦᠬᠦ ᠬᠤᠲᠠ ᠶᠢᠨ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ | ᠶᠠᠯᠠᠲᠤ ᠠᠵᠢᠯᠯᠠᠭ᠎ᠠ ᠳᠤ ᠰᠢᠷᠦᠭᠦᠨ ᠳᠠᠭᠠᠷᠢᠯᠲᠠ ᠶᠠᠪᠤᠭᠤᠯᠵᠤ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠠ ᠴᠠᠭᠳᠠᠨ ᠲᠣᠭᠤᠷᠢᠵᠤ ᠰᠡᠷᠭᠡᠶᠢᠯᠡᠨ ᠡᠵᠡᠮᠳᠡᠬᠦ | ᠡᠷᠴᠢᠮ ᠢᠶᠠᠨ ᠪᠦᠬᠦ ᠲᠠᠯ᠎ᠠ ᠪᠠᠷ ᠴᠢᠩᠭᠠᠳᠬᠠᠵᠤ᠂ ᠨᠡᠢᠭᠡᠮ ᠤᠨ ᠣᠷᠴᠢᠨ ᠲᠣᠭᠤᠷᠢᠨ ᠢ ᠪᠦᠲᠦᠮᠵᠢᠲᠡᠢ ᠴᠡᠪᠡᠷᠰᠢᠭᠦᠯᠪᠡ᠃ | | | | ᠰᠢᠨᠵᠢᠯᠡᠬᠦ ᠮᠡᠷᠭᠡᠵᠢᠯ ᠨᠢ ᠭᠠᠳᠠᠭᠰᠢ ᠭᠠᠷᠬᠤ ︽ᠠᠮᠤᠷ ᠠᠮᠤᠭᠤᠯᠠᠩ ᠵᠠᠮ︾ ᠢ ᠰᠠᠭᠠᠳ ᠦᠭᠡᠢ ᠨᠡᠪᠲᠡᠷᠡᠭᠦᠯᠬᠦ ᠳᠤ ᠬᠦᠴᠦᠨ ᠨᠡᠮᠡᠷᠢᠯᠡᠪᠡ᠃ ᠠᠮᠠᠷᠠᠯᠲᠠ ᠶᠢᠨ | ᠬᠤᠭᠤᠴᠠᠭᠠᠨ ᠤ ᠵᠠᠮ ᠬᠠᠷᠢᠯᠴᠠᠭᠠᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ︽ᠬᠤᠶᠠᠷ ᠢ | ᠨᠡᠶᠢᠲᠡᠯᠡᠵᠦ ᠨᠢᠭᠡ ᠶᠢ ᠰᠠᠨᠠᠭᠤᠯᠬᠤ︾ ᠶᠢ ᠤᠷᠢᠳᠴᠢᠯᠠᠨ ᠨᠡᠶᠢᠲᠡᠯᠡᠵᠦ᠂ ᠬᠤᠲᠠ ᠶᠢᠨ ᠠᠷᠠᠳ ᠲᠤ ᠠᠶᠠᠨ ᠵᠠᠮ ᠢᠶᠠᠨ ᠵᠦᠶ ᠵᠣᠬᠢᠰᠲᠠᠶ ᠳᠣᠭᠢᠷᠠᠭᠤᠯᠵᠤ᠂ | ᠠᠮᠠᠷᠠᠯᠲᠠ ᠶᠢᠨ ᠬᠤᠭᠤᠴᠠᠭᠠᠨ ᠤ ᠲᠡᠷᠭᠡᠨ ᠤ ᠤᠷᠤᠰᠬᠠᠯ ᠤᠨ ᠣᠷᠭᠢᠯ ᠤᠨ ᠬᠤᠭᠤᠴᠠᠭ᠎ᠠ ᠶᠢ ᠵᠥᠷᠢᠭᠦᠯᠬᠦ ᠶᠢ ᠰᠠᠨᠠᠭᠤᠯᠪᠠ᠃ ᠡᠭᠦᠨ ᠤ ᠬᠠᠮᠲᠤ ᠳᠣᠬᠢᠶᠠᠨ ᠳ᠋ᠧᠩ ᠤᠨ | ᠰᠦᠯᠵᠢᠶ᠎ᠡ ᠬᠤᠯᠪᠣᠭᠠᠯᠠᠨ ᠡᠵᠡᠮᠳᠡᠬᠦ ᠰᠢᠰᠲ᠋ᠧᠮ ᠢᠶᠠᠷ ᠳᠠᠮᠵᠢᠭᠤᠯᠤᠨ᠂ ᠲᠡᠷᠭᠡᠨ ᠤ ᠤᠷᠤᠰᠬᠠᠯ ᠤᠨ ᠬᠡᠮᠵᠢᠶ᠎ᠡ ᠶᠢ ᠦᠨᠳᠦᠰᠦᠯᠡᠨ ᠳᠣᠬᠢᠶᠠᠨ ᠳ᠋ᠧᠩ ᠤᠨ ᠬᠤᠭᠤᠴᠠᠭ᠎ᠠ ᠶᠢ | ᠬᠤᠪᠢᠰᠤᠩᠭᠤᠢ ᠪᠠᠷ ᠳᠣᠭᠢᠷᠠᠭᠤᠯᠵᠤ᠂ ᠲᠦᠭᠵᠢᠷᠡᠯ ᠤᠨ ᠵᠠᠮ ᠤᠨ ᠬᠡᠰᠡᠭ ᠲᠤ ︽ᠪᠦᠬᠦᠨ ᠢ ᠨᠣᠭᠤᠭᠠᠨ ᠳ᠋ᠧᠩ︾ ᠪᠣᠯᠭᠠᠨ ᠲᠣᠬᠢᠷᠠᠭᠤᠯᠪᠠ︔ ᠡᠯ᠎ᠡ ᠱᠠᠲᠤᠨ ᠤ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ︽5.1︾ ᠤ ᠠᠮᠠᠷᠠᠯᠲᠠ ᠶᠢᠨ ᠬᠤᠭᠤᠴᠠᠭᠠᠨ ᠳᠤ ᠪᠥᠬᠦ ᠬᠤᠲᠠ ᠶᠢᠨ ᠰᠥᠨᠢ ᠪᠠᠷ ᠪᠠᠶᠢᠴᠠᠭᠠᠬᠤ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠷᠢᠬᠢ ᠤᠤᠭᠤᠵᠤ ᠲᠡᠷᠭᠡ ᠵᠢᠯᠣᠭᠤᠳᠬᠤ ᠰᠣᠭᠲᠣᠭᠤ ᠪᠠᠷ ᠲᠡᠷᠭᠡ ᠵᠢᠯᠣᠭᠤᠳᠬᠤ᠂ ︽ᠭᠤᠷᠪᠠ ᠶᠢ ᠬᠡᠲᠦᠷᠡᠭᠦᠯᠵᠦ | ᠶᠠᠳᠠᠷᠠᠭ᠎ᠠ ᠪᠠᠷ ᠲᠡᠷᠭᠡ ᠵᠢᠯᠣᠭᠤᠳᠬᠤ︾ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠥᠬᠦ ᠴᠠᠭ ᠲᠤ ᠨᠢ ᠪᠦᠬᠦᠨ ᠢ ᠴᠡᠭᠴᠡᠯᠡᠨ ᠵᠠᠰᠠᠵᠤ᠂ ᠵᠠᠮ | ᠨᠡᠪᠲᠡᠷᠡᠯᠭᠡ ᠶᠢᠨ ᠡᠮᠬᠢ ᠵᠢᠷᠤᠮ ᠢ ᠤᠯᠠᠮ ᠨᠢᠭᠡ ᠠᠯᠬᠤᠮ ᠵᠢᠷᠤᠮᠵᠢᠭᠤᠯᠤᠨ᠂ ᠬᠤᠲᠠ ᠶᠢᠨ ᠠᠷᠠᠳ ᠤᠨ ᠶᠠᠪᠤᠵᠤ ᠰᠠᠭᠤᠬᠤ ᠠᠮᠤᠷ ᠲᠦᠪᠰᠢᠨ ᠢ ᠪᠠᠲᠤᠯᠠᠪᠠ᠃ | | | | ᠳᠠᠯᠳᠠ ᠬᠡᠮ ᠢ ᠠᠷᠢᠯᠭᠠᠵᠤ ᠠᠮᠠᠷᠠᠯᠲᠠ ᠶᠢᠨ ᠬᠤᠭᠤᠴᠠᠭᠠᠨ ᠤ ︽ᠠᠶᠤᠯᠭᠦᠶ ᠨᠡᠭᠡᠯᠡᠬᠡᠶ︾ ᠶᠢ ᠴᠢᠩᠭᠠᠯᠠᠪᠠ᠃ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ | ᠬᠡᠮ ᠢ ᠦᠨᠡᠨ ᠬᠦ ᠠᠷᠢᠯᠭᠠᠬᠤ ᠶᠢᠨ ᠲᠥᠯᠥᠭᠡ᠂ ᠪᠥᠬᠦ ᠬᠤᠲᠠ ᠶᠢᠨ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠶᠠᠨᠴᠢᠳ ᠤᠨ ᠪᠠᠭᠤᠳᠠᠯ᠂ | ᠰᠦᠯᠵᠢᠶᠡᠨ ᠤ ᠪᠠᠭᠠᠷ᠂ ᠵᠤᠭ᠎ᠠ ᠴᠡᠩᠭᠡᠯ ᠤᠨ ᠲᠠᠯᠠᠪᠤᠷ ᠭᠠᠵᠠᠷ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠲᠠᠯᠠᠪᠤᠷ ᠭᠠᠵᠠᠷ ᠢ ᠪᠥᠬᠦ ᠲᠠᠯ᠎ᠠ ᠪᠠᠷ ᠲᠣᠳᠣᠷᠬᠠᠢ | ᠪᠠᠶᠢᠴᠠᠭᠠᠵᠤ᠂ ᠢᠯᠡᠷᠡᠭᠦᠯᠦᠭᠰᠡᠨ ᠠᠰᠠᠭᠤᠳᠠᠯ ᠢ ᠲᠡᠷᠡ ᠳᠠᠷᠤᠶ ᠳᠤ ᠨᠢ ᠴᠡᠭᠴᠡᠯᠡᠨ ᠰᠠᠶᠢᠵᠢᠷᠠᠭᠤᠯᠬᠤ ᠪᠠᠷ ᠵᠠᠷᠯᠢᠭᠳᠠᠪᠠ᠃ ᠡᠭᠦᠨ ᠤ ᠬᠠᠮᠲᠤ᠂ ᠠᠷᠠᠳ ᠤᠨ ᠴᠠᠭᠳᠠᠭ᠎ᠠ | ᠬᠠᠪᠰᠤᠷᠤᠭᠴᠢ ᠴᠠᠭᠳᠠᠭ᠎ᠠ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ ᠴᠠᠭ ᠲᠤᠬᠠᠶ ᠳᠤ ᠨᠢ ᠰᠢᠢᠳᠪᠦᠷᠢᠯᠡᠵᠦ᠂ ᠵᠥᠷᠢᠴᠡᠯ ᠵᠢᠭᠤᠷᠠᠯᠳᠤᠭᠠᠨ ᠤ ᠡᠭᠦᠰᠬᠦ ᠶᠢ | ᠪᠦᠲᠦᠮᠵᠢᠲᠡᠢ ᠬᠤᠷᠢᠭᠯᠠᠪᠠ᠃ ᠪᠠᠶᠢᠴᠠᠭᠠᠬᠤ ᠪᠠᠷ ᠳᠠᠮᠵᠢᠨ ᠨᠡᠩ ᠰᠠᠶᠢᠬᠠᠨ ᠨᠡᠶᠢᠭᠡᠮ ᠤᠨ ᠠᠮᠤᠷ ᠲᠣᠭᠳᠠᠭᠤᠨ ᠣᠷᠴᠢᠨ ᠲᠣᠭᠤᠷᠢᠨ ᠢ ᠪᠦᠲᠦᠮᠵᠢᠲᠡᠶ ᠪᠣᠢ ᠪᠣᠯᠭᠠᠵᠤ᠂ | ᠪᠠᠶᠠᠷ ᠤᠨ ᠡᠳᠦᠷ ᠤᠨ ᠬᠤᠭᠤᠴᠠᠭᠠᠨ ᠤ ᠠᠮᠤᠷ ᠲᠣᠭᠲᠠᠭᠤᠨ ᠪᠠᠶᠢᠳᠠᠯ ᠳᠤ ᠪᠠᠲᠤ ᠪᠠᠬᠢ ᠰᠠᠭᠤᠷᠢ ᠲᠠᠯᠪᠢᠵᠤ ᠥᠭᠴᠡᠶ᠃ |