2025 ᠣᠨ ᠤ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠠᠶᠤᠯ ᠦᠭᠡᠢ ᠶᠢᠨ ᠵᠥᠪᠯᠡᠯ ᠤᠨ ᠪᠥᠬᠦᠳᠡ ᠬᠤᠷᠠᠯ ᠵᠢᠴᠢ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/3
      ᠣᠶᠢᠷ᠎ᠠ ᠳᠤ᠂ 2025 ᠣᠨ ᠤ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠠᠶᠤᠯ ᠦᠭᠡᠢ ᠶᠢᠨ ᠵᠥᠪᠯᠡᠯ ᠤᠨ ᠪᠥᠬᠦᠳᠡ ᠬᠤᠷᠠᠯ ᠵᠢᠴᠢ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠠᠶᠤᠯ ᠦᠭᠡᠢ ᠶᠢᠨ ᠵᠥᠪᠯᠡᠯ ᠤᠨ ᠡᠷᠬᠢᠯᠡᠭᠴᠢ ᠵᠧᠩ ᠭᠤᠸᠠᠩ ᠵᠣᠣ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠠᠶᠤᠯ ᠦᠭᠡᠢ ᠶᠢᠨ ᠵᠥᠪᠯᠡᠯ ᠤᠨ ᠳᠡᠳ᠋ ᠡᠷᠬᠢᠯᠡᠭᠴᠢ ᠸᠠᠩ ᠶᠠ ᠰᠢᠨ ᠬᠤᠷᠠᠯ ᠢ ᠡᠷᠭᠢᠯᠡᠪᠡ᠃
道交委.jpg
      ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠠᠶᠤᠯ ᠦᠭᠡᠢ ᠶᠢᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ︽ᠶᠡᠭᠡ ᠠᠮᠤᠷ ᠲᠦᠪᠰᠢᠨ︾ ᠤ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠶᠤᠯ ᠦᠭᠡᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠵᠠᠮ ᠬᠠᠷᠢᠯᠴᠠᠭᠠᠨ ᠤ ᠶᠡᠷᠦᠩᠬᠡᠶᠢᠯᠡᠭᠰᠡᠨ ᠵᠠᠰᠠᠯᠲᠠ᠂ ᠡᠬᠢ ᠡᠭᠦᠰᠦᠯ ᠤᠨ ᠵᠠᠰᠠᠯᠲᠠ᠂ ᠲᠤᠰᠬᠠᠢ ᠲᠦᠷᠦᠯ ᠤᠨ ᠵᠠᠰᠠᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠴᠤᠬᠢᠯᠲᠠ ᠦᠭᠬᠦ᠂ ᠰᠡᠷᠭᠡᠶᠢᠯᠡᠬᠦ᠂ ᠬᠠᠮᠢᠶᠠᠷᠬᠤ᠂ ᠵᠠᠰᠠᠬᠤ᠂ ᠤᠬᠠᠭᠤᠯᠬᠤ︾ ᠡᠯ᠎ᠡ ᠵᠦᠢᠯ ᠤᠨ ᠠᠵᠢᠯ ᠢ ᠨᠢᠭᠡ ᠴᠤᠬᠴᠠᠵᠢᠭᠤᠯᠤᠨ ᠠᠬᠢᠭᠤᠯᠵᠤ᠂ ᠪᠦᠬᠦ ᠣᠷᠣᠨ ᠤ ᠵᠠᠮ ᠬᠠᠷᠢᠯᠴᠠᠭᠠᠨ ᠤ ᠠᠶᠤᠯ ᠦᠭᠡᠢ ᠶᠢᠨ ᠪᠠᠶᠢᠳᠠᠯ ᠤᠨ ᠲᠣᠭᠲᠠᠭᠤᠨ ᠪᠠᠶᠢᠳᠠᠯ ᠢ ᠬᠦᠴᠦᠲᠡᠢ ᠬᠠᠮᠠᠭᠠᠯᠠᠪᠠ᠃ 2025 ᠣᠨ ᠪᠣᠯ ᠠᠶᠤᠯ ᠦᠭᠡᠢ ᠶᠢᠨ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠵᠢᠯ ᠪᠣᠯᠤᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠢᠮᠠᠭᠲᠠ ᠪᠠᠷᠢᠮᠲᠠᠯᠠᠵᠤ᠂ ᠨᠡᠩ ᠴᠢᠩᠭ᠎ᠠ ᠱᠠᠭᠠᠷᠳᠠᠯᠭ᠎ᠠ᠂ ᠨᠡᠩ ᠥᠨᠳᠥᠷ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠵᠠᠮ ᠬᠠᠷᠢᠯᠴᠠᠭᠠᠨ ᠤ ᠠᠶᠤᠯ ᠦᠭᠡᠢ ᠶᠢᠨ ᠵᠠᠰᠠᠯᠲᠠ ᠶᠢᠨ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠠᠮᠤᠷ ᠲᠦᠪᠰᠢᠨ ᠤ ᠰᠢᠨ᠎ᠡ ᠪᠠᠶᠢᠷᠢᠰᠢᠯ ᠢᠶᠠᠷ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠲᠤᠯᠠᠬᠤ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃       ᠬᠤᠷᠠᠯ ᠠᠴᠠ᠂ ︽ᠠᠳᠡᠯ ᠢ ᠰᠡᠷᠭᠡᠶᠢᠯᠡᠵᠦ ᠡᠵᠡᠮᠳᠡᠵᠦ ᠪᠣᠯᠬᠤ︾ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠳᠡᠯ ᠤᠨ ᠪᠠᠶᠢᠳᠠᠯ ᠢ ᠵᠠᠳᠠᠯᠬᠤ ᠶᠢ ᠴᠢᠬᠤᠯᠠᠴᠢᠯᠠᠵᠤ᠂ ᠣᠷᠴᠢᠨ ᠲᠣᠭᠤᠷᠢᠨ ᠤ ᠬᠤᠪᠢᠷᠠᠯᠲᠠ ᠶᠢᠨ ᠣᠨᠴᠠᠯᠢᠭ ᠢ ᠡᠵᠡᠮᠳᠡᠵᠦ᠂ ᠵᠠᠮ ᠬᠠᠷᠢᠯᠴᠠᠭᠠᠨ ᠤ ᠠᠶᠤᠯ ᠦᠭᠡᠢ ᠶᠢᠨ ᠰᠢᠰᠲ᠋ᠧᠮ ᠤᠨ ᠵᠠᠰᠠᠯᠲᠠ ᠶᠢ ᠴᠢᠩᠭᠠᠳᠬᠠᠬᠤ ᠬᠡᠷᠡᠭᠲᠡᠢ᠃ ᠡᠬᠢ ᠡᠭᠦᠰᠦᠯ ᠤᠨ ᠡᠮᠦᠨᠡᠬᠢ ᠬᠢᠨᠠᠨ ᠬᠠᠮᠢᠶᠠᠷᠤᠯᠲᠠ ᠶᠢ ᠨᠠᠷᠢᠯᠢᠭ ᠠᠳᠬᠤᠵᠤ᠂ ᠭᠤᠤᠯᠳᠠᠯᠭ᠎ᠠ ᠲᠠᠢ ᠲᠡᠷᠭᠡ ᠬᠥᠰᠬᠡ ᠶᠢᠨ ᠳᠠᠯᠳᠠ ᠬᠡᠮ ᠢ ᠠᠷᠢᠯᠭᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ︽ᠭᠤᠷᠪᠠ ᠶᠢ ᠬᠠᠮᠢᠶᠠᠷᠬᠤ ᠭᠤᠷᠪᠠ ᠶᠢ ᠡᠷᠬᠡᠪᠰᠢ ᠭᠦᠢᠴᠡᠳᠬᠡᠬᠦ︾ ᠬᠠᠷᠢᠭᠤᠴᠠᠯᠭ᠎ᠠ ᠶᠢ ᠰᠢᠪᠠᠳᠠᠨ ᠨᠠᠶᠢᠳᠠᠪᠤᠷᠢᠵᠢᠭᠤᠯᠵᠤ᠂ ᠳᠠᠯᠳᠠ ᠬᠡᠮ ᠲᠠᠢ ᠵᠠᠮ ᠤᠨ ᠬᠡᠰᠡᠭ ᠲᠤ ᠨᠠᠷᠢᠨ ᠲᠠᠩᠰᠠᠴᠢᠯᠠᠭᠰᠠᠨ᠂ ᠲᠥᠷᠥᠯ ᠵᠦᠢᠯᠵᠢᠭᠦᠯᠦᠭᠰᠡᠨ ᠴᠡᠭᠴᠡᠯᠡᠨ ᠵᠠᠰᠠᠯᠲᠠ ᠶᠢ ᠥᠷᠨᠢᠭᠦᠯᠬᠦ ᠬᠡᠷᠡᠭᠲᠡᠶ︔ ᠵᠠᠮ ᠤᠨ ᠭᠠᠳᠠᠷᠭᠤ ᠶᠢᠨ ᠬᠠᠮᠢᠶᠠᠷᠤᠯᠲᠠ ᠡᠵᠡᠮᠳᠡᠯ ᠢ ᠴᠢᠩᠭ᠎ᠠ ᠠᠳᠬᠤᠵᠤ᠂ ᠬᠤᠲᠠ᠂ ᠤᠯᠤᠰ ᠮᠤᠵᠢ ᠶᠢᠨ ᠭᠤᠤᠯ ᠵᠠᠮ᠂ ᠮᠠᠯᠵᠢᠬᠤ ᠲᠠᠷᠢᠶᠠᠯᠠᠬᠤ ᠣᠷᠣᠨ︽ᠭᠤᠷᠪᠠᠨ ᠭᠤᠤᠯ ᠲᠡᠶᠢᠨ ᠤ ᠲᠠᠯᠠᠪᠤᠷ︾ ᠢ ᠴᠢᠩᠭ᠎ᠠ ᠠᠩᠬᠠᠷᠴᠤ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠶᠢ ᠶᠡᠭᠡ ᠪᠠᠷ ᠥᠷᠨᠢᠭᠦᠯᠬᠦ ᠬᠡᠷᠡᠭᠲᠡᠢ︔ ᠨᠠᠷᠢᠯᠢᠭ ᠤᠨᠤᠴᠠᠲᠠᠢ ᠤᠬᠠᠭᠤᠯᠭ᠎ᠠ ᠶᠢ ᠪᠣᠳᠠᠲᠠᠶ ᠠᠳᠬᠤᠵᠤ᠂ ᠪᠣᠯᠪᠠᠰᠤᠨ ᠵᠠᠮ ᠬᠠᠷᠢᠯᠴᠠᠭ᠎ᠠ ᠶᠢᠨ ᠤᠬᠠᠭᠤᠯᠭ᠎ᠠ︽ᠵᠢᠯᠣᠭᠤᠴᠢ ᠶᠢᠨ ᠰᠤᠷᠭᠠᠭᠤᠯᠢ ᠳᠤ ᠣᠷᠣᠬᠤ︾ ︽ᠰᠤᠷᠭᠠᠭᠤᠯᠢ ᠶᠢᠨ ᠬᠦᠷᠢᠶᠡᠨ ᠳᠤ ᠣᠷᠣᠬᠤ︾ ︽ᠬᠥᠳᠡᠭᠡ ᠲᠣᠰᠬᠤᠨ ᠳᠤ ᠣᠷᠣᠬᠤ︾ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠡᠲᠡᠭᠡᠳ ᠨᠢ ᠲᠦᠢᠯ ᠤᠨ ᠣᠨᠣᠪᠴᠢᠲᠠᠶ᠂ ᠠᠭᠤᠯᠭ᠎ᠠ ᠨᠢ ᠲᠦᠢᠯ ᠤᠨ ᠣᠨᠣᠪᠴᠢᠲᠠᠶ᠂ ᠵᠠᠮ ᠮᠥᠷ ᠨᠢ ᠲᠦᠢᠯ ᠤᠨ ᠣᠨᠣᠪᠴᠢᠲᠠᠶ᠂ ᠠᠷᠭ᠎ᠠ ᠬᠡᠮᠵᠢᠶ᠎ᠡ ᠨᠢ ᠲᠦᠢᠯ ᠤᠨ ᠣᠨᠣᠪᠴᠢᠲᠠᠶ᠂ ᠦᠨᠡᠯᠡᠨ ᠵᠢᠱᠢᠬᠦ ᠨᠢ ᠲᠦᠢᠯ ᠤᠨ ᠣᠨᠣᠪᠴᠢᠲᠠᠶ︾ ᠵᠠᠮ ᠬᠠᠷᠢᠯᠴᠠᠭ᠎ᠠ ᠶᠢᠨ ᠠᠮᠤᠷ ᠲᠦᠪᠰᠢᠨ ᠤ ᠲᠦᠢᠯ ᠤᠨ ᠣᠨᠣᠪᠴᠢᠲᠠᠶ ᠤᠬᠠᠭᠤᠯᠭ᠎ᠠ ᠬᠥᠮᠦᠵᠢᠯ ᠤᠨ ᠰᠢᠰᠲ᠋ᠧᠮᠵᠢ ᠶᠢ ᠢᠳᠡᠪᠬᠢᠲᠡᠶ ᠪᠠᠶᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃       ᠬᠤᠷᠠᠯ ᠠᠴᠠ᠂ ᠬᠤᠲᠠ ᠶᠢᠨ ᠵᠠᠮ ᠬᠠᠷᠢᠯᠴᠠᠭᠠᠨ ᠤ ᠨᠠᠷᠢᠯᠢᠬᠵᠢᠭᠤᠯᠤᠭᠰᠠᠨ ᠵᠠᠰᠠᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠣᠯᠠᠨ ᠨᠡᠶᠢᠲᠡ ᠶᠢᠨ ᠵᠠᠮ ᠬᠠᠷᠢᠯᠴᠠᠭ᠎ᠠ᠂ ᠤᠳᠠᠭᠠᠨ ᠠᠶᠠᠯᠠᠬᠤ ᠵᠠᠮ ᠬᠠᠷᠢᠯᠴᠠᠭ᠎ᠠ᠂ ᠪᠣᠬᠢᠷᠲᠤᠯ ᠥᠬᠡᠶ ᠵᠠᠮ ᠬᠠᠷᠢᠯᠴᠠᠭ᠎ᠠ ᠶᠢ ᠤᠷᠢᠳ ᠢᠶᠠᠷ ᠬᠥᠭᠵᠢᠭᠦᠯᠬᠦ ᠶᠢ ᠢᠳᠡᠪᠬᠢᠲᠡᠶ ᠠᠬᠢᠭᠤᠯᠵᠤ᠂ ᠲᠦᠭᠵᠢᠷᠡᠯ ᠤᠨ ᠵᠠᠮ ᠤᠨ ᠬᠡᠰᠡᠭ ᠤᠨ ᠵᠢᠯᠣᠭᠤᠳᠣᠯᠭ᠎ᠠ ᠶᠢ ᠴᠢᠩᠭᠠᠳᠬᠠᠵᠤ᠂ ᠬᠤᠲᠠ ᠶᠢᠨ ᠠᠮᠢ ᠨᠠᠰᠤᠨ ᠤ ᠱᠤᠭᠤᠮ ᠤᠨ ᠠᠮᠤᠷ ᠲᠦᠪᠰᠢᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠰᠠᠭᠠᠳ ᠥᠬᠡᠶ ᠡᠮᠬᠢ ᠵᠢᠷᠤᠮ ᠲᠠᠢ ᠨᠡᠪᠲᠡᠷᠡᠬᠦ︾ ᠶᠠᠪᠤᠵᠤ ᠰᠠᠭᠤᠬᠤ ᠣᠷᠴᠢᠨ ᠨᠥᠬᠦᠴᠡᠯ ᠢ ᠬᠦᠴᠦᠯᠡᠨ ᠪᠣᠶ ᠪᠣᠯᠭᠠᠬᠤ ᠬᠡᠷᠡᠭᠲᠡᠶ᠃ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠳᠤ ᠭᠦᠨᠵᠡᠭᠡᠶ ᠠᠭᠤᠰᠤᠯᠴᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠭᠡ ᠡᠷᠭᠢᠯᠲᠡ ᠶᠢ ᠬᠤᠷᠢᠭ᠎ᠠ ᠦᠭᠡᠢ ᠪᠠᠶᠢᠯᠭᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ︽ᠬᠠᠩᠭᠠᠯᠭ᠎ᠠ ᠶᠢᠨ ᠬᠡᠯᠬᠢᠶ᠎ᠡ︾ ᠶᠢᠨ ᠲᠣᠭᠲᠠᠭᠤᠨ ᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠨᠠᠩ ᠣᠯᠠᠨ ︽ᠠᠷᠠᠳ ᠲᠤ ᠠᠰᠢᠭ ᠬᠦᠷᠲᠡᠭᠡᠵᠦ ᠠᠵᠤ ᠠᠬᠤᠶᠢᠯᠠᠯ ᠳᠤ ᠠᠰᠢᠭ ᠬᠦᠷᠲᠡᠭᠡᠬᠦ︾ ᠦᠢᠯᠡᠴᠢᠯᠡᠭᠡᠨ ᠤ ᠰᠢᠨ᠎ᠡ ᠠᠷᠭ᠎ᠠ ᠬᠡᠮᠵᠢᠶ᠎ᠡ ᠶᠢ ᠦᠷᠭᠦᠯᠵᠢᠯᠡᠨ ᠭᠠᠷᠭᠠᠵᠤ᠂ ︽ᠠᠵᠤ ᠠᠬᠤᠶᠢᠯᠠᠯ ᠢ ᠲᠤᠰᠠᠯᠠᠵᠤ ᠠᠵᠤ ᠦᠢᠯᠡᠰ ᠢ ᠬᠥᠭᠵᠢᠭᠦᠯᠬᠦ︾ ᠡᠵᠡᠩᠨᠡᠯᠲᠡ ᠶᠢᠨ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠬᠡᠷᠡᠭᠲᠡᠶ᠃ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠬᠦ ᠲᠤᠰᠬᠠᠢ ᠠᠵᠢᠯᠯᠠᠭ᠎ᠠ ᠶᠢ ᠵᠢᠷᠤᠮᠵᠢᠭᠤᠯᠬᠤ ᠪᠠᠷ ᠵᠢᠯᠣᠭᠤᠳᠤᠮᠵᠢ ᠪᠣᠯᠭᠠᠵᠤ᠂ ᠠᠵᠤ ᠠᠬᠤᠶᠢᠯᠠᠯ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠲᠤᠪᠤᠶᠢᠮ᠎ᠠ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠢ ᠰᠠᠶᠢᠵᠢᠷᠠᠭᠤᠯᠬᠤ ᠶᠢ ᠴᠢᠬᠤᠯᠠᠴᠢᠯᠠᠨ᠂ ᠬᠠᠤᠯᠢ ᠬᠡᠷᠡᠭᠵᠢᠭᠦᠯᠬᠦ ᠦᠭᠡ ᠶᠠᠷᠢᠶ᠎ᠠ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠤᠯᠤᠰ ᠲᠦᠷᠦ ᠶᠢᠨ ᠦᠷ᠎ᠡ ᠪᠦᠲᠦᠮᠵᠢ᠂ ᠬᠠᠤᠯᠢ ᠴᠠᠭᠠᠵᠠ ᠶᠢᠨ ᠦᠷ᠎ᠡ ᠪᠦᠲᠦᠮᠵᠢ᠂ ᠨᠡᠶᠢᠭᠡᠮ ᠤᠨ ᠦᠷ᠎ᠡ ᠪᠦᠲᠦᠮᠵᠢ ᠶᠢᠨ ᠣᠷᠭᠠᠨᠢᠭ ᠨᠢᠭᠡᠳᠦᠯ ᠢ ᠴᠢᠷᠮᠠᠶᠢᠨ ᠪᠡᠶᠡᠯᠡᠭᠦᠯᠵᠦ᠂ ︽ᠵᠢᠷᠤᠮᠵᠢᠭᠤᠨ ᠪᠥᠭᠡᠳ ᠲᠥᠪ ᠭᠤᠣᠯᠴᠢ︾ ᠬᠠᠤᠯᠢ ᠪᠠᠷ ᠵᠠᠰᠠᠬᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠬᠡᠷᠡᠭᠲᠡᠢ ᠭᠡᠵᠦ ᠱᠠᠭᠠᠷᠳᠠᠪᠠ᠃       ᠬᠤᠷᠠᠯ ᠠᠴᠠ᠂ ᠵᠠᠮ ᠬᠠᠷᠢᠯᠴᠠᠭᠠᠨ ᠤ ᠠᠶᠤᠯ ᠦᠭᠡᠢ ᠶᠢᠨ ᠬᠠᠮᠢᠶᠠᠷᠤᠯᠲᠠ ᠶᠢᠨ ᠠᠵᠢᠯ ᠪᠣᠯ ᠰᠢᠰᠲ᠋ᠧᠮᠲᠦ ᠴᠢᠨᠠᠷᠲᠠᠢ ᠢᠨᠵᠧᠨᠧᠷᠢᠩ ᠪᠣᠯᠤᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ︽ᠨᠢᠭᠡ ᠬᠥᠯᠭᠡ ᠰᠢᠳᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠬᠠᠷᠢᠭᠤᠴᠠᠯᠭ᠎ᠠ ᠪᠠᠨ ᠮᠡᠳᠡᠵᠤ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠬᠠᠷᠢᠭᠤᠴᠠᠯᠭ᠎ᠠ ᠪᠠᠨ ᠰᠠᠬᠢᠵᠤ ᠬᠠᠷᠢᠭᠤᠴᠠᠯᠭ᠎ᠠ ᠡᠭᠦᠷᠭᠡᠯᠡᠵᠦ᠂ ︽ᠴᠠᠭ ᠢᠮᠠᠭᠲᠠ ᠰᠡᠳᠬᠢᠯ ᠠᠮᠤᠷ ᠦᠭᠡᠢ︾ ᠬᠠᠷᠢᠭᠤᠴᠠᠯᠭᠠᠲᠤ ᠰᠡᠳᠬᠢᠯᠭᠡ ᠶᠢ ᠦᠨᠡᠨ ᠬᠦ ︽ᠶᠠᠪᠤᠳᠠᠯ ᠪᠦᠬᠦᠨ ᠳᠤ ᠳᠣᠲᠣᠷ᠎ᠠ ᠪᠠᠨ ᠲᠤᠭ᠎ᠠ ᠲᠠᠢ ᠪᠠᠶᠢᠬᠤ︾ ᠠᠵᠢᠯᠯᠠᠭᠠᠨ ᠤ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠳᠣᠲᠣᠭᠠᠳᠤ ᠭᠠᠳᠠᠭᠠᠳᠤ ᠬᠤᠯᠪᠣᠭᠠᠯᠠᠨ ᠬᠥᠳᠡᠯᠦᠯᠴᠡᠬᠦ᠂ ᠵᠣᠬᠢᠴᠠᠯᠳᠤᠨ ᠬᠠᠮᠵᠢᠯᠴᠠᠬᠤ ᠶᠢ ᠴᠢᠩᠭᠠᠳᠬᠠᠵᠤ᠂ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠵᠠᠮ ᠬᠠᠷᠢᠯᠴᠠᠭᠠᠨ ᠤ ᠠᠮᠤᠷ ᠲᠦᠪᠰᠢᠨ ᠤ ᠵᠠᠰᠠᠯᠲᠠ ᠶᠢᠨ ᠪᠠᠶᠢᠷᠢᠰᠢᠯ ᠢ ᠦᠨᠡᠨ ᠬᠦ ᠪᠦᠷᠢᠯᠳᠦᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠨᠢ ᠸᠢᠳᠢᠤ᠋ ᠬᠡᠯᠪᠡᠷᠢ ᠪᠠᠷ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠠᠶᠤᠯ ᠦᠭᠡᠢ ᠶᠢᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠭᠤᠤᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠤ᠂ 12 ᠠᠶᠢᠮᠠᠭ ᠬᠤᠲᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠪᠢᠶᠠᠷᠢ ᠬᠤᠷᠠᠯ ᠤᠨ ᠲᠠᠯᠠᠪᠠᠶ ᠳᠤ ᠣᠷᠣᠯᠴᠠᠵᠠᠶ᠃
ᠢᠷᠡᠯᠲᠡ᠄ ᠦᠪᠦᠷ ᠮᠤᠩᠭᠤᠯ ᠤᠨ ᠲᠤᠳᠤᠭᠠᠳᠦ  ᠶᠢ ᠬᠠᠮᠠᠭᠠᠯᠠᠬᠤ ᠲᠢᠩᠬᠢᠮ